︽ᠤᠭ᠍ᠶᠤᠲᠤᠯᠤᠭᠠᠢ︾ ᠠᠴᠠ ᠪ∙ᠮᠥᠩᠬᠡᠪᠠᠭᠠᠲᠤᠷ ᠢ ᠴᠢᠯᠦᠭᠡᠯᠡᠵᠦ᠂ ᠳ∙ᠡᠩᠬᠡᠵᠢᠷᠭᠠᠯ ᠢ ᠲᠣᠮᠢᠯᠠᠵᠠᠢ | News.MN

︽ᠤᠭ᠍ᠶᠤᠲᠤᠯᠤᠭᠠᠢ︾ ᠠᠴᠠ ᠪ∙ᠮᠥᠩᠬᠡᠪᠠᠭᠠᠲᠤᠷ ᠢ ᠴᠢᠯᠦᠭᠡᠯᠡᠵᠦ᠂ ᠳ∙ᠡᠩᠬᠡᠵᠢᠷᠭᠠᠯ ᠢ ᠲᠣᠮᠢᠯᠠᠵᠠᠢ

ᠰᠲᠷᠠᠲ᠋ᠧᠭᠢ ᠶᠢᠨ ᠠᠴᠢ ᠬᠣᠯᠪᠣᠭᠳᠠᠯ ᠪᠦᠬᠦᠢ ᠤᠭ᠍ᠶᠤᠲᠤᠯᠤᠭᠠᠢ  ᠶᠢᠨ ᠵᠡᠰ  ᠠᠯᠲᠠᠨ ᠤ ᠣᠷᠳᠣ ᠶᠢᠨ ᠲᠥᠰᠥᠯ ᠢ ᠬᠡᠷᠡᠭᠵᠢᠭᠦᠯᠦᠭᠴᠢ  ︽ᠤᠭ᠍ᠶᠤᠲᠤᠯᠤᠭᠠᠢ ︾ ᠶᠢᠨ ᠮᠣᠩᠭᠣᠯ ᠤᠨ ᠲᠠᠯ᠎ᠠ ᠶᠢᠨ ᠲᠥᠯᠥᠭᠡᠯᠡᠯ ᠦᠨ ᠨᠢᠭᠡ ᠪ∙ᠮᠥᠩᠬᠡᠪᠠᠭᠠᠲᠤᠷ ᠢ ᠴᠢᠯᠦᠭᠡᠯᠡᠵᠦ᠂ ᠲᠡᠭᠦᠨ ᠦ ᠣᠷᠣᠨ ᠳᠤ ᠳᠠᠨᠽᠠᠨᠪᠠᠯᠵᠢᠷ ᠤᠨ ᠡᠩᠬᠡᠵᠢᠷᠭᠠᠯ ᠢ ᠲᠣᠮᠢᠯᠠᠵᠠᠢ᠃
ᠳ∙ᠡᠩᠬᠡᠵᠢᠷᠭᠠᠯ ᠨᠢ ᠣᠷᠣᠰ ᠤᠨ ᠡᠷᠬᠦᠦ ᠶᠢᠨ ᠤᠯᠤᠰ ᠠᠷᠠᠳ ᠤᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢ ᠰᠠᠩᠬᠦᠦ ᠪᠠᠩᠬᠢᠨ ᠤ ᠡᠳ᠋ ᠍ ᠦᠨ ᠵᠠᠰᠠᠭᠴᠢ ᠮᠡᠷᠭᠡᠵᠢᠯ ᠢᠶᠡᠷ ᠲᠡᠭᠦᠰᠴᠦ᠂ ᠠᠮᠧᠷᠢᠺᠠ ᠶᠢᠨ ᠸᠠᠨᠳ᠋ᠸᠷᠪᠢᠯᠳ᠋ ᠤᠨ ᠶᠡᠬᠡ ᠰᠤᠷᠭᠠᠭᠤᠯᠢ ᠶᠢ ᠡᠳ᠋ ᠍ ᠦᠨ ᠵᠠᠰᠠᠭ ᠤᠨ ᠬᠥᠭᠵᠢᠯ ᠦᠨ ᠮᠠᠭᠢᠰᠲ᠋ᠷ᠂ ᠠᠩᠭᠯᠢ ᠶᠢᠨ ᠯᠤᠨᠳᠤᠨ ᠶᠡᠬᠡ ᠰᠤᠷᠭᠠᠭᠤᠯᠢ ᠶᠢᠨ ᠰᠤᠳᠤᠯᠤᠭᠠᠴᠢ ᠳ᠋ᠣᠺᠲ᠋ᠣᠷᠠᠨᠲ ᠶᠤᠮ᠃
ᠲᠡᠷᠡ ᠪᠡᠷ ᠮᠣᠩᠭᠣᠯ ᠤᠯᠤᠰ ᠤᠨ ᠪᠠᠩᠬᠢᠨ ᠤ ᠰᠠᠯᠪᠤᠷᠢ ᠳᠤ ᠣᠯᠠᠨ ᠵᠢᠯ ᠠᠵᠢᠯᠯᠠᠭᠰᠠᠨ ᠪᠥᠭᠡᠳ ᠠᠽᠢᠶ᠎ᠠ ᠶᠢᠨ ᠬᠥᠭᠵᠢᠯ ᠦᠨ ᠪᠠᠩᠬᠢ᠂ ᠳᠡᠯᠡᠬᠡᠢ ᠶᠢᠨ ᠪᠠᠩᠬᠢᠨ ᠳᠤ ᠵᠥᠪᠯᠡᠬᠦ ᠪᠡᠷ ᠠᠵᠢᠯᠯᠠᠵᠤ ᠪᠠᠶᠢᠭᠰᠠᠨ᠃ ᠣᠳᠣ ︽ᠡᠷᠳᠡᠨᠢᠰ ᠮᠣᠩᠭᠣᠯ︾ ᠺᠤᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠦᠨ ᠬᠠᠷᠠᠭᠠᠲᠤ ᠪᠤᠰᠤ ᠭᠡᠰᠢᠭᠦᠨ ᠢᠶᠡᠷ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ