ᠬᠠᠷ᠎ᠠ ᠲᠠᠮᠠᠬᠢ ᠠᠪᠴᠤ ᠶᠠᠪᠤᠭᠰᠠᠨ ᠵᠠᠯᠠᠭᠤᠰ ᠢ ᠪᠠᠷᠢᠵᠠᠢ | News.MN

ᠬᠠᠷ᠎ᠠ ᠲᠠᠮᠠᠬᠢ ᠠᠪᠴᠤ ᠶᠠᠪᠤᠭᠰᠠᠨ ᠵᠠᠯᠠᠭᠤᠰ ᠢ ᠪᠠᠷᠢᠵᠠᠢ

ᠴᠠᠭᠳᠠᠭ᠎ᠠ ᠶᠢᠨ ᠶᠡᠷᠦᠩᠬᠡᠢ ᠭᠠᠵᠠᠷ ᠤᠨ ᠨᠡᠶᠢᠲᠡ ᠶᠢᠨ ᠬᠡᠪ ᠵᠢᠷᠤᠮ ᠬᠠᠮᠠᠭᠠᠯᠠᠬᠤ᠂ ᠣᠯᠠᠨ ᠨᠡᠶᠢᠲᠡ ᠶᠢᠨ ᠠᠶᠤᠯ ᠦᠭᠡᠢ ᠪᠠᠶᠢᠳᠠᠯ ᠢ ᠬᠠᠩᠭᠠᠬᠤ ᠠᠯᠪᠠᠨ ᠤ ᠡᠷᠭᠢᠭᠦᠯ ᠬᠠᠮᠠᠭᠠᠯᠠᠯᠲᠠ ᠶᠢᠨ ᠭᠠᠵᠠᠷ ᠠᠴᠠ ︽ᠰᠥᠨᠢ ᠶᠢᠨ ᠤᠯᠠᠭᠠᠨᠪᠠᠭᠠᠲᠤᠷ ︾ ᠬᠡᠰᠡᠭᠴᠢᠯᠡᠭᠰᠡᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠤᠯ᠎ᠠ᠃ ᠡᠨᠡ ᠦᠶ᠎ᠡ ᠪᠡᠷ ᠡᠷᠭᠢᠭᠦᠯ ᠬᠠᠮᠠᠭᠠᠯᠠᠯᠲᠠ ᠶᠢᠨ ᠣᠹᠢᠼᠧᠷ᠂ ᠠᠬᠠᠯᠠᠬᠤ ᠳᠡᠰᠯᠡᠭᠴᠢ ᠬ∙ᠡᠷᠳᠡᠨᠢᠲᠤᠭᠲᠤᠬᠤ᠂ ᠳᠡᠳ᠋ ᠠᠬᠠᠯᠠᠭᠴᠢ ᠨ∙ᠳᠠᠸᠠᠳᠤᠯᠮ᠎ᠠ ᠨᠠᠷ ᠮᠠᠩᠰᠢᠭᠤᠷᠠᠭᠤᠯᠬᠤ ᠡᠮ᠂ ᠰᠡᠳᠬᠢᠴᠡ ᠳᠦ ᠨᠦᠯᠦᠭᠡᠯᠡᠬᠦ ᠪᠣᠳᠠᠰ ᠪᠠᠶᠢᠵᠤ ᠪᠣᠯᠵᠣᠰᠢ ᠦᠭᠡᠢ ᠵᠦᠢᠯ ᠲᠡᠭᠡᠭᠡᠪᠦᠷᠢᠯᠡᠵᠦ ᠶᠠᠪᠤᠭᠰᠠᠨ ᠢᠷᠭᠡᠳ ᠢ ᠢᠯᠡᠷᠡᠭᠦᠯᠵᠡᠢ᠃ ᠲᠣᠳᠣᠷᠠᠭᠤᠯᠪᠠᠯ᠂ 2018 ᠣᠨ ᠤ ᠠᠷᠪᠠᠳᠤᠭᠠᠷ ᠰᠠᠷ᠎ᠠ ᠶᠢᠨ 4 ᠍   ᠠᠴᠠ 5 ᠍ ᠳᠦ ᠰᠢᠯᠵᠢᠬᠦ ᠰᠥᠨᠢ ᠰᠦᠬᠡᠪᠠᠭᠠᠲᠤᠷ ᠳᠡᠭᠦᠷᠭᠡ ᠳᠦ ᠬᠡᠰᠡᠭ ᠵᠠᠯᠠᠭᠤᠰ ᠬᠠᠷ᠎ᠠ ᠲᠠᠮᠠᠬᠢ᠂ ᠮᠠᠩᠰᠢᠭᠤᠷᠠᠭᠤᠯᠬᠤ ᠪᠣᠳᠠᠰ ᠲᠠᠢ ᠬᠣᠯᠪᠣᠭ᠎ᠠ ᠲᠠᠢ ᠭᠡᠮᠲᠦ ᠬᠡᠷᠡᠭ ᠦᠨ ᠰᠢᠨᠵᠢᠲᠡᠢ ᠦᠢᠯᠡᠳᠦᠯ ᠢ ᠡᠷᠭᠢᠭᠦᠯ ᠦᠨ ᠦᠢᠯᠡ ᠠᠵᠢᠯᠯᠠᠭᠠᠨ ᠤ ᠶᠠᠪᠤᠴᠠ ᠳᠤ ᠲᠠᠰᠤᠯᠤᠨ ᠵᠣᠭᠰᠣᠭᠠᠴᠠᠢ᠃ ᠣᠳᠣ ᠶᠢᠨ ᠪᠠᠶᠢᠳᠠᠯ ᠢᠶᠠᠷ ᠰᠢᠯᠭᠠᠯᠲᠠ ᠶᠢᠨ ᠠᠵᠢᠯᠯᠠᠭ᠎ᠠ ᠦᠷᠭᠦᠯᠵᠢᠯᠡᠵᠦ ᠪᠤᠢ ᠶᠤᠮ ᠪᠠᠶᠢᠨ᠎ᠠ᠃
  

ᠰᠡᠳᠬᠢᠭᠳᠡᠯ ᠦᠯᠡᠳᠡᠭᠡᠬᠦ