ᠨᠣᠮ ᠤᠨ ᠰᠠᠩ ᠳᠤ ᠰᠢᠨ᠎ᠡ ᠨᠣᠮ ᠭᠠᠷᠳᠠᠭᠤᠯᠪᠠ | News.MN

ᠨᠣᠮ ᠤᠨ ᠰᠠᠩ ᠳᠤ ᠰᠢᠨ᠎ᠡ ᠨᠣᠮ ᠭᠠᠷᠳᠠᠭᠤᠯᠪᠠ

ᠭᠧᠷᠮᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠨᠡᠶᠢᠭᠡᠮᠯᠢᠭ ᠍ ᠦᠨ 《ᠲᠣᠭᠲᠠᠪᠤᠷᠢᠲᠠᠢ ᠬᠥᠭᠵᠢᠯ ᠦᠨ ᠪᠣᠯᠪᠠᠰᠤᠷᠠᠯ ᠲᠥᠰᠥᠯ 》 ᠡᠴᠡ ᠰᠡᠯᠡᠩᠭᠡ ᠠᠶᠢᠮᠠᠭ ᠤᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠨᠣᠮ ᠤᠨ ᠰᠠᠩ ᠳᠤ 11 ᠨᠡᠷ᠎ᠡ ᠲᠥᠷᠥᠯ ᠦᠨ 168 ᠰᠢᠷᠬᠡᠭ ᠨᠣᠮ ᠪᠡᠯᠡᠭᠯᠡᠭᠰᠡᠨ ᠢ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠳᠠᠷᠤᠭ᠎ᠠ ᠥ᠊∙ᠰᠤᠪᠤᠳ  ᠬᠦᠯᠢᠶᠡᠨ ᠠᠪᠴᠠᠢ᠃
ᠡᠬᠡ ᠳᠡᠯᠡᠬᠡᠢ᠂ ᠨᠣᠭᠣᠭᠠᠨ ᠣᠹᠹᠢᠰ᠂ ᠡᠷᠴᠢᠮ ᠬᠦᠴᠦᠨ ᠦ ᠤᠬᠠᠭᠠᠯᠢᠭ ᠬᠡᠷᠡᠭᠯᠡᠭᠡ᠂  ᠪᠢᠽᠢᠨᠧᠰ ᠦᠨ ᠨᠣᠭᠣᠭᠠᠨ ᠭᠠᠷᠴᠠ᠂ ᠵᠸᠨᠳ᠋ᠷ ᠵᠡᠷᠭᠡ ᠥᠨᠥ ᠶᠢᠨ ᠨᠡᠶᠢᠭᠡᠮ ᠤᠨ ᠠᠩᠬᠠᠷᠤᠯ ᠤᠨ ᠲᠥᠪ ᠦᠨ ᠠᠰᠠᠭᠤᠳᠠᠯ ᠤᠳ ᠢ ᠲᠤᠰᠬᠠᠭᠰᠠᠨ ᠭᠠᠷ ᠤᠨ ᠠᠪᠤᠯᠭ᠎ᠠ᠂ ᠲᠠᠶᠢᠯᠤᠨ᠂ ᠲᠥᠯᠥᠪᠯᠡᠭᠡ ᠶᠢ ᠡᠳᠡᠭᠡᠷ ᠨᠣᠮ ᠠᠴᠠ ᠤᠩᠰᠢᠵᠤ ᠰᠢᠨ᠎ᠡ ᠮᠡᠳᠡᠯᠭᠡ ᠮᠡᠳᠡᠭᠡᠯᠡᠯ ᠲᠡᠢ ᠪᠣᠯᠬᠤ ᠪᠣᠯᠤᠮᠵᠢ ᠲᠠᠢ ᠠᠵᠠᠢ ᠃
ᠰᠡᠯᠡᠩᠭᠡ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠨᠢ ᠬᠠᠮᠤᠭ ᠤᠨ ᠰᠡᠭᠦᠯ ᠦᠨ ᠦᠶ᠎ᠡ ᠶᠢᠨ ᠨᠣᠮ ᠤᠳ ᠠᠴᠠ ᠪᠦᠷᠢᠳᠦᠭᠰᠡᠨ ᠨᠣᠮ ᠤᠨ ᠰᠠᠩ ᠲᠠᠢ᠂ ᠠᠵᠢᠯᠲᠠᠨ ᠠᠯᠪᠠᠨ ᠬᠠᠭᠠᠭᠴᠢᠳ ᠨᠢ ᠴᠢᠯᠦᠭᠡᠲᠦ ᠴᠠᠭ᠂ ᠠᠯᠪᠠᠨ ᠠᠵᠢᠯ᠂ ᠦᠢᠯᠡ ᠠᠵᠢᠯᠯᠠᠭᠠᠨ ᠳᠤ ᠪᠠᠨ ᠳᠡᠭᠡᠷᠡᠬᠢ ᠨᠣᠮ  ᠤᠳ ᠡᠴᠡ ᠬᠡᠷᠡᠭᠴᠡᠭᠡ ᠱᠠᠭᠠᠷᠳᠠᠯᠭ᠎ᠠ ᠳᠤ ᠪᠠᠨ ᠲᠤᠯᠭᠠᠭᠤᠷᠢᠯᠠᠨ ᠠᠪᠴᠤ ᠠᠰᠢᠭᠯᠠᠳᠠᠭ ᠪᠠᠶᠢᠨ᠎ᠠ᠃
ᠴ∙ᠣᠳᠬᠣᠨᠴᠡᠴᠡᠭ

ᠰᠡᠳᠬᠢᠭᠳᠡᠯ ᠦᠯᠡᠳᠡᠭᠡᠬᠦ