《ᠡᠷᠳᠡᠨᠢᠰ ᠲᠠᠪᠤᠨᠲᠣᠯᠣᠭᠠᠢ 》 ᠶᠢᠨ ᠲᠥᠯᠥᠭᠡᠯᠡᠨ ᠤᠳᠤᠷᠢᠳᠬᠤ ᠵᠥᠪᠯᠡᠯ ᠰᠢᠨᠡᠴᠢᠯᠡᠭᠳᠡᠯ᠎ᠡ | News.MN

《ᠡᠷᠳᠡᠨᠢᠰ ᠲᠠᠪᠤᠨᠲᠣᠯᠣᠭᠠᠢ 》 ᠶᠢᠨ ᠲᠥᠯᠥᠭᠡᠯᠡᠨ ᠤᠳᠤᠷᠢᠳᠬᠤ ᠵᠥᠪᠯᠡᠯ ᠰᠢᠨᠡᠴᠢᠯᠡᠭᠳᠡᠯ᠎ᠡ

《ᠡᠷᠳᠡᠨᠢᠰ ᠲᠠᠪᠤᠨᠲᠣᠯᠣᠭᠠᠢ》ᠺᠤᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠦᠨ ᠡᠭᠡᠯᠵᠢᠲᠦ ᠪᠤᠰᠤ ᠬᠤᠷᠠᠯ 10.09 ᠳᠦ ᠪᠣᠯᠤᠯ᠎ᠠ᠃ ᠲᠤᠰ ᠬᠤᠷᠠᠯᠳᠤᠭᠠᠨ ᠢᠶᠠᠷ ᠰᠢᠨ᠎ᠡ ᠪᠡᠷ ᠲᠣᠮᠢᠯᠠᠭᠳᠠᠭᠰᠠᠨ ᠲᠥᠯᠥᠭᠡᠯᠡᠨ ᠤᠳᠤᠷᠢᠳᠬᠤ ᠵᠥᠪᠯᠡᠯ ᠦᠨ ᠭᠡᠰᠢᠭᠦᠳ ᠢ ᠲᠤᠮᠢᠯᠠᠬᠤ᠂ ᠳᠦᠷᠢᠮ ᠪᠠᠲᠤᠯᠠᠬᠤ ᠠᠰᠠᠭᠤᠳᠠᠯ ᠢ  ᠬᠡᠯᠡᠯᠴᠡᠵᠦ ᠂ ᠲᠥᠯᠥᠭᠡᠯᠡᠨ ᠤᠳᠤᠷᠢᠳᠬᠤ ᠵᠥᠪᠯᠡᠯ ᠦᠨ ᠳᠠᠷᠤᠭ᠎ᠠ ᠪᠠᠷ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠭ∙ᠨᠠᠨᠳᠢᠨᠵᠢᠷᠭᠠᠯ ᠢ ᠲᠣᠮᠢᠯᠠᠵᠤ᠂ ᠭᠡᠰᠢᠭᠦᠳ ᠢᠶᠡᠷ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ∙ᠨᠠᠷᠠᠨᠴᠤᠭᠲᠤ ᠂ ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ  ᠶᠢᠨ ᠡᠭᠦᠷᠭᠡ ᠭᠦᠢᠴᠡᠳᠬᠡᠭᠴᠢ ᠬ∙ᠮᠡᠷᠭᠡᠨ᠂ 《ᠡᠷᠳᠡᠨᠢᠰ ᠲᠠᠪᠤᠨᠲᠣᠯᠣᠭᠠᠢ 》 ᠺᠣᠮᠫᠠᠨᠢ ᠶᠢᠨ ᠭᠦᠢᠴᠡᠳᠭᠡᠬᠦ ᠵᠠᠬᠢᠷᠤᠯ ᠪ∙ᠭᠠᠩᠬᠤᠶᠠᠭ᠂ ᠲᠠᠩᠨᠠᠭᠤᠯ ᠤᠨ ᠶᠡᠷᠦᠩᠬᠡᠢ ᠭᠠᠵᠠᠷ ᠤᠨ ᠰ∙ᠡᠷᠳᠡᠨᠢ᠂ ᠰᠠᠩ ᠤᠨ ᠶᠠᠮᠤᠨ ᠤ ᠬᠠᠤᠯᠢ ᠶᠢᠨ ᠬᠡᠯᠲᠡᠰ ᠦᠨ ᠳᠠᠷᠤᠭ᠎ᠠ ᠶᠢᠨ ᠡᠭᠦᠷᠭᠡ ᠶᠢ ᠲᠦᠷ ᠣᠷᠣᠯᠠᠨ ᠭᠦᠢᠴᠡᠳᠬᠡᠭᠴᠢ ᠨ∙ᠪᠠᠶᠠᠷᠴᠢᠮᠡᠭ᠂  ᠲᠦᠷᠦ ᠶᠢᠨ ᠦᠮᠴᠢ ᠶᠢᠨ ᠪᠤᠳᠤᠯᠭ᠎ᠠ ᠵᠤᠬᠢᠴᠠᠭᠤᠯᠤᠯᠲᠠ ᠶᠢᠨ ᠭᠠᠵᠠᠷ ᠍ ᠤᠨ ᠪᠣᠳᠣᠯᠭ᠎ᠠ ᠲᠥᠯᠥᠪᠯᠡᠯᠲᠡ ᠤᠳᠤᠷᠢᠳᠤᠯᠭ᠎ᠠ ᠶᠢᠨ ᠬᠡᠯᠲᠡᠰ ᠦᠨ ᠳᠠᠷᠤᠭ᠎ᠠ ᠼ∙ᠪᠠᠶᠠᠷ-ᠡᠷᠳᠡᠨᠢ ᠨᠠᠷ ᠢ ᠲᠣᠮᠢᠯᠠᠬᠤ ᠶᠢ ᠳᠡᠮᠵᠢᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ