ᠠᠮᠧᠷᠢᠺᠠ ᠶᠢᠨ ᠨᠠᠷᠢᠨ ᠪᠢᠴᠢᠭ ᠦᠨ ᠳᠠᠷᠤᠭ᠎ᠠ ᠳᠦ ᠵᠠᠬᠢᠳᠠᠯ ᠪᠢᠴᠢᠵᠡᠢ | News.MN

ᠠᠮᠧᠷᠢᠺᠠ ᠶᠢᠨ ᠨᠠᠷᠢᠨ ᠪᠢᠴᠢᠭ ᠦᠨ ᠳᠠᠷᠤᠭ᠎ᠠ ᠳᠦ ᠵᠠᠬᠢᠳᠠᠯ ᠪᠢᠴᠢᠵᠡᠢ

ᠥᠨᠥᠳᠥᠷ ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ ᠠᠮᠧᠷᠢᠺᠠ ᠶᠢᠨ ᠲᠥᠷᠥ ᠶᠢᠨ ᠳ᠋ᠸᠫᠠᠷᠲ᠋ᠠᠮᠸᠨᠲ  ᠤᠨ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠠᠰᠠᠭᠤᠳᠠᠯ ᠡᠷᠬᠢᠯᠡᠭᠰᠡᠨ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠶᠢᠨ ᠡᠭᠦᠷᠭᠡ ᠭᠦᠢᠴᠡᠳᠬᠡᠭᠴᠢ ᠫ∙ᠮᠧᠷᠹᠢ ᠶᠢ ᠬᠦᠯᠢᠶᠡᠨ ᠠᠪᠴᠤ ᠠᠭᠤᠯᠵᠠᠭᠰᠠᠨ ᠪᠠᠶᠢᠨ᠎ᠠ᠃   ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠢᠳᠡᠪᠬᠢᠲᠡᠢ ᠥᠷᠨᠢᠵᠦ᠂ ᠦᠷ᠎ᠡ  ᠳ᠋ᠦᠩ ᠲᠡᠢ ᠣᠯᠠᠨ ᠴᠢᠬᠤᠯᠠ ᠦᠢᠯᠡ ᠶᠠᠪᠤᠳᠠᠯ ᠪᠣᠯᠵᠤ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠰᠢᠳᠠᠷ ᠰᠠᠶᠢᠳ ᠢᠯᠡᠷᠬᠡᠶᠢᠯᠡᠵᠡᠢ᠃ ᠢᠯᠠᠩᠭᠤᠶ᠎ᠠ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠠᠮᠧᠷᠢᠺᠠ  ᠳᠦ ᠬᠢᠭᠰᠡᠨ ᠠᠶᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠬᠠᠷᠢᠯᠴᠠᠭ᠎ᠠ ᠪᠠᠨ ᠨᠢᠭᠡ ᠱᠠᠲᠤ ᠠᠬᠢᠭᠤᠯᠤᠨ᠂ ᠥᠷᠭᠡᠳᠬᠡᠭᠰᠡᠨ ᠢᠵᠢ ᠪᠦᠷᠢᠨ ᠲᠦᠩᠰᠢᠯᠡᠯ ᠦᠨ ᠲᠦᠪᠰᠢᠨ ᠳᠦ ᠬᠦᠷᠭᠡᠭᠰᠡᠨ ᠦ ᠵᠡᠷᠭᠡᠴᠡᠭᠡ ᠮᠢᠩᠭᠠᠨ ᠤ ᠰᠣᠷᠢᠯᠲᠠ ᠶᠢᠨ  ᠺᠤᠷᠫᠤᠷᠠᠼ ᠤᠨ  ᠬᠤᠶᠠᠳᠠᠬᠢ ᠺᠣᠮᠫᠠᠺᠲ ᠭᠡᠷ᠎ᠡ ᠶᠢ ᠪᠠᠲᠤᠯᠠᠭᠠᠵᠢᠭᠤᠯᠤᠭᠰᠠᠨ ᠢ ᠲᠡᠮᠳᠡᠭᠯᠡᠭᠰᠡᠨ ᠪᠠᠶᠢᠨ᠎ᠠ᠃
ᠫ∙ᠮᠧᠷᠹᠢ ᠰᠢᠳᠠᠷ ᠰᠠᠶᠢᠳ ᠥ᠊∙ᠡᠩᠬᠡᠲᠦᠪᠰᠢᠨ ᠲᠡᠢ ᠰᠠᠨᠠᠯ ᠨᠢᠭᠡ ᠪᠠᠶᠢᠭ᠎ᠠ ᠪᠠᠨ ᠬᠡᠯᠡᠭᠰᠡᠨ ᠪᠠᠶᠢᠨ᠎ᠠ᠃ ᠲᠡᠷᠡ ᠪᠡᠷ ᠣᠯᠠᠨ ᠤᠯᠤᠰ ᠤᠨ  ᠸᠠᠯᠢᠶᠤᠲ ᠤᠨ ᠰᠠᠩ ᠤᠨ ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ ᠳᠦ ᠬᠠᠮᠤᠷᠤᠭᠳᠠᠨ ᠦᠷ᠎ᠡ ᠳ᠋ᠦᠩ  ᠳᠦ ᠬᠦᠷᠴᠦ ᠪᠠᠶᠢᠭ᠎ᠠ ᠶᠢ ᠲᠡᠮᠳᠡᠭᠯᠡᠪᠡ᠃ ᠴᠢᠨᠠᠭᠰᠢᠳᠠ ᠬᠥᠲᠥᠯᠪᠦᠷᠢ ᠶᠢ ᠲᠤᠤᠱᠲᠠᠢ ᠬᠡᠷᠡᠭᠵᠢᠭᠦᠯᠵᠦ᠂ ᠰᠠᠩᠬᠦᠦ ᠶᠢᠨ ᠰᠠᠬᠢᠯᠭ᠎ᠠ ᠪᠠᠲᠤ ᠪᠠᠨ ᠰᠠᠶᠢᠵᠢᠷᠠᠭᠤᠯᠤᠨ᠂ ᠡᠳ᠋ ᠍ ᠦᠨ ᠵᠠᠰᠠᠭ ᠢᠶᠠᠨ ᠥᠰᠬᠡᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃  ᠠᠮᠧᠷᠢᠺᠠ ᠶᠢᠨ ᠳᠡᠳ᠋ ᠶᠡᠷᠦᠩᠬᠡᠶᠢᠯᠡᠭᠴᠢ ᠮ∙ᠫᠸᠩᠰ᠂ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠮ∙ ᠫᠤᠮᠫᠸᠤ᠋  ᠳᠤ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠢᠯᠡᠭᠡᠭᠰᠡᠨ ᠲᠠᠯᠠᠷᠬᠠᠯ ᠤᠨ ᠵᠠᠬᠢᠳᠠᠯ ᠢ ᠰᠢᠳᠠᠷ ᠰᠠᠶᠢᠳ ᠭᠠᠷᠳᠠᠭᠤᠯᠤᠨ ᠥᠭᠴᠡᠢ᠃

ᠰᠡᠳᠬᠢᠭᠳᠡᠯ ᠦᠯᠡᠳᠡᠭᠡᠬᠦ