ᠭᠸᠷᠮᠡᠨ ᠡᠴᠡ 55 ᠰᠠᠶ᠎ᠠ ᠡᠸᠦ᠋ᠷᠤ᠋ ᠳ᠋ᠤᠯᠯᠠᠷ ᠤᠨ ᠲᠤᠰᠠᠯᠠᠮᠵᠢ ᠦᠵᠡᠭᠦᠯᠦᠨ᠎ᠡ | News.MN

ᠭᠸᠷᠮᠡᠨ ᠡᠴᠡ 55 ᠰᠠᠶ᠎ᠠ ᠡᠸᠦ᠋ᠷᠤ᠋ ᠳ᠋ᠤᠯᠯᠠᠷ ᠤᠨ ᠲᠤᠰᠠᠯᠠᠮᠵᠢ ᠦᠵᠡᠭᠦᠯᠦᠨ᠎ᠡ

ᠮᠣᠩᠭᠣᠯ᠂ ᠬᠤᠯᠪᠤᠭᠠᠨ ᠤ ᠪᠦᠭᠦᠳᠠ ᠨᠠᠶᠢᠷᠠᠮᠳᠠᠬᠤ ᠭᠸᠷᠮᠠᠡ᠍ ᠤᠯᠤᠰ ᠤᠨ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ 55 ᠰᠠᠶ᠎ᠠ ᠡᠸᠦ᠋ᠷᠤ᠋ ᠳ᠋ᠤᠯᠯᠠᠷ ᠤᠨ ᠪᠤᠴᠠᠯᠲᠠ ᠦᠭᠡᠢ ᠲᠤᠰᠠᠯᠠᠮᠵᠢ ᠣᠯᠭᠤᠬᠤ ᠪᠠᠷ ᠪᠣᠯᠤᠯ᠎ᠠ᠃  ᠬᠡᠯᠡᠯᠴᠡᠭᠡᠷ ᠲᠦ ᠭᠠᠷ ᠤᠨ ᠦᠰᠦᠭ ᠵᠢᠷᠤᠭᠰᠠᠨ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ∙ᠨᠠᠷᠠᠨᠴᠤᠭᠲᠤ ᠬᠡᠯᠡᠬᠦ ᠳᠦ ᠪᠡᠨ ᠄ ᠮᠣᠩᠭᠣᠯ ᠭᠸᠷᠮᠡᠨ ᠲᠠᠢ 25 ᠵᠢᠯ ᠦᠨ ᠬᠤᠭᠤᠴᠠᠭᠠᠨ ᠳᠤ ᠬᠠᠮᠲᠤ ᠶᠢᠨ ᠠᠵᠢᠯᠯᠠᠭ᠎ᠠ ᠥᠷᠨᠢᠭᠦᠯᠵᠦ ᠪᠠᠶᠢᠨ᠎ᠠ᠃ ᠬᠣᠶᠠᠷ ᠵᠢᠯ ᠲᠤᠲᠤᠮ ᠳᠤ ᠲᠥᠰᠥᠯ ᠬᠥᠲᠥᠯᠪᠦᠷᠢ ᠶᠢᠨ ᠬᠡᠯᠡᠯᠴᠡᠭᠡᠷ ᠢ ᠲᠠᠯ᠎ᠠ ᠨᠤᠭᠤᠳ ᠰᠢᠨᠡᠴᠢᠯᠡᠳᠡᠭ᠃ ᠪᠤᠴᠠᠯᠲᠠ ᠦᠭᠡᠢ ᠲᠤᠰᠠᠯᠠᠮᠵᠢ ᠶᠢ ᠡᠷᠴᠢᠮ ᠬᠦᠴᠦ᠂ ᠠᠭᠤᠯᠠ ᠠᠭᠤᠷᠬᠠᠢ ᠂ ᠪᠣᠯᠪᠠᠰᠤᠷᠠᠯ ᠵᠡᠷᠭᠡ ᠰᠠᠯᠪᠤᠷᠢ ᠳᠤ  ᠭᠡᠪᠡ᠃
 ᠬᠣᠯᠪᠣᠭᠠᠨ ᠤ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠂ ᠬᠥᠭᠵᠢᠯ ᠦᠨ ᠶᠠᠮᠤᠨ ᠤ ᠭᠠᠵᠠᠷ ᠤᠨ ᠳᠠᠷᠤᠭ᠎ᠠ ᠺᠠᠲᠷᠢᠨ ᠣᠯᠯᠧᠷᠰ ᠶᠠᠷᠢᠬᠤ ᠳᠤ ᠪᠠᠨ ᠄ ᠮᠣᠩᠭᠣᠯ ᠤᠯᠤᠰ ᠲᠤ ᠨᠡᠩ ᠲᠡᠷᠢᠭᠦᠨ ᠦ ᠱᠠᠭᠠᠷᠳᠠᠯᠭ᠎ᠠ ᠲᠠᠢ ᠲᠥᠰᠥᠯ ᠦᠳ ᠲᠦ ᠰᠠᠩᠬᠦᠦᠵᠢᠯᠲᠡ ᠣᠯᠭᠤᠬᠤ ᠪᠠᠷ  ᠰᠢᠢᠳᠪᠤᠷᠢᠯᠡᠭᠰᠡᠨ᠃ ᠪᠣᠯᠪᠠᠰᠤᠷᠠᠯ ᠤᠨ ᠰᠠᠯᠪᠤᠷᠢ ᠳᠤ 8 ᠰᠠᠶ᠎ᠠ ᠭᠠᠷᠤᠢ ᠡᠸᠦ᠋ᠷᠤ᠋ ᠳ᠋ᠤᠯᠯᠠᠷ ᠤᠨ ᠬᠥᠷᠥᠩᠭᠡ ᠣᠷᠣᠭᠤᠯᠤᠯᠲᠠ ᠣᠯᠭᠤᠬᠤ ᠪᠠᠷ ᠲᠣᠬᠢᠷᠠᠯᠴᠠᠯ᠎ᠠ᠃ ᠮᠥᠨ ᠭᠧᠷᠮᠠᠨ ᠮᠣᠩᠭᠣᠯ ᠤᠨ ᠬᠠᠮᠲᠤᠷᠠᠭᠰᠠᠨ ᠠᠰᠢᠭᠲᠤ ᠮᠠᠯᠲᠠᠮᠠᠯ᠂ ᠲᠧᠭᠨᠣᠯᠣᠭᠢ ᠶᠢᠨ ᠳᠡᠭᠡᠳᠦ ᠰᠤᠷᠭᠠᠭᠤᠯᠢ ᠳᠤ ᠲᠧᠭᠨᠣᠯᠣᠭᠢ᠂ ᠰᠠᠩᠬᠦᠦ ᠶᠢᠨ ᠴᠢᠭᠯᠡᠯ ᠳᠦ ᠬᠥᠷᠥᠩᠭᠡ ᠣᠷᠣᠭᠤᠯᠬᠤ ᠪᠠᠷ ᠰᠢᠢᠳᠪᠦᠷᠢᠯᠡᠭᠰᠡᠨ᠃ ᠤᠯᠠᠮ ᠢᠶᠠᠷ ᠮᠣᠩᠭᠣᠯ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠤᠳ ᠢ ᠬᠠᠮᠠᠭᠠᠯᠠᠬᠤ᠂ ᠲᠡᠨᠳᠡ ᠠᠮᠢᠳᠤᠷᠠᠵᠤ ᠪᠤᠢ ᠣᠷᠣᠨ ᠨᠤᠲᠤᠭ ᠤᠨ ᠬᠦᠮᠦᠨ ᠠᠮᠠ ᠶᠢᠨ ᠠᠮᠢᠵᠢᠷᠠᠭ᠎ᠠ ᠶᠢ ᠳᠡᠭᠡᠭᠰᠢᠯᠡᠭᠦᠯᠬᠦ᠂ ᠤᠯᠠᠭᠠᠨᠪᠠᠭᠠᠲᠤᠷ ᠤᠨ ᠭᠡᠷ ᠬᠤᠷᠤᠭᠠᠯᠠᠯ ᠤᠨ ᠰᠤᠷᠭᠠᠭᠤᠯᠢ ᠴᠡᠴᠡᠷᠯᠢᠭ ᠦᠨ ᠪᠠᠶᠢᠭᠤᠯᠤᠮᠵᠢ ᠶᠢ ᠳᠤᠯᠠᠭᠠᠯᠠᠬᠤ ᠳᠤ ᠬᠥᠷᠥᠩᠭᠡ ᠣᠷᠣᠭᠤᠯᠬᠤ ᠪᠠᠷ ᠬᠡᠮᠡᠪᠡ᠃

ᠰᠡᠳᠬᠢᠭᠳᠡᠯ ᠦᠯᠡᠳᠡᠭᠡᠬᠦ