ᠮᠤᠩᠭᠤᠯ ᠪᠠᠩᠭᠢ ᠶᠢᠨ ᠳᠤᠷᠠᠰᠬᠠᠯ ᠤᠨ ᠵᠣᠭᠣᠰᠤᠨ ᠤ ᠲᠤᠬᠠᠢ ᠳᠡᠯᠭᠡᠷᠡᠩᠭᠦᠢ ᠮᠡᠳᠡᠭᠡᠯᠡᠯ ᠪᠦᠬᠦᠢ coin.mongolbank.mn ᠴᠠᠬᠢᠮ ᠬᠠᠭᠤᠳᠠᠰᠤ ᠳᠤ ᠬᠤᠳᠠᠯᠳᠤᠭᠠᠨ ᠳᠤ ᠭᠠᠷᠭᠠᠵᠤ ᠪᠤᠢ ᠳᠤᠷᠠᠰᠬᠠᠯ ᠤᠨ ᠵᠣᠭᠣᠰᠤᠨ ᠤ ᠲᠤᠬᠠᠢ ᠮᠡᠳᠡᠭᠡᠯᠡᠯ ᠡᠴᠡ ᠭᠠᠳᠠᠨ᠎ᠠ ᠲᠤᠰ ᠪᠠᠩᠬᠢᠨ ᠤ ᠵᠥᠪᠰᠢᠶᠡᠷᠡᠯ ᠲᠡᠢ ᠪᠡᠷ ᠣᠯᠠᠨ ᠤᠯᠤᠰ ᠤᠨ ᠵᠠᠬ᠎ᠠ ᠵᠡᠭᠡᠯᠢ ᠳᠦ ᠬᠤᠳᠠᠯᠳᠤᠭᠠᠯᠠᠵᠤ ᠪᠤᠢ ᠰᠡᠳᠦᠪᠴᠢᠯᠡᠭᠰᠡᠨ ᠴᠤᠪᠤᠷᠠᠯ ᠵᠣᠭᠣᠰᠤᠨ ᠤ ᠲᠠᠯ᠎ᠠ ᠪᠠᠷ ᠬᠣᠯᠪᠣᠭᠳᠠᠬᠤ ᠲᠡᠦᠬᠡ᠂ ᠲᠠᠨᠢᠨ ᠮᠡᠳᠡᠬᠦᠢ ᠶᠢᠨ ᠮᠡᠳᠡᠭᠡᠯᠡᠯ ᠢ ᠠᠭᠤᠯᠵᠠᠢ᠃ ᠲᠡᠭᠦᠨᠴᠢᠯᠡᠨ ᠳᠤᠷᠠᠰᠬᠠᠯ ᠤᠨ ᠵᠣᠭᠣᠰ ᠬᠤᠳᠠᠯᠳᠤᠵᠤ ᠠᠪᠬᠤ ᠵᠢᠭᠠᠪᠤᠷᠢᠴᠢᠯᠠᠭ᠎ᠠ ᠶᠢ ᠣᠷᠣᠭᠤᠯᠤᠭᠰᠠᠨ ᠪᠠᠶᠢᠨ᠎ᠠ᠃ ᠲᠤᠩ ᠤᠳᠠᠬᠤ ᠦᠭᠡᠢ ︽ᠮᠣᠩᠭᠣᠯ ᠤᠯᠤᠰ ᠤᠨ ᠤᠯᠢᠮᠫᠢᠺ ᠤᠨ ᠮᠸᠳᠠᠯᠲᠤ ᠲᠠᠮᠢᠷᠴᠢᠳ》 ᠴᠤᠪᠤᠷᠠᠯ ᠤᠨ ᠦᠷᠭᠦᠯᠵᠢᠯᠡᠯ ᠪᠣᠯᠭᠠᠵᠤ 1968 ᠣᠨ ᠤ ᠮᠸᠺᠰᠢᠺᠦ ᠶᠢᠨ ᠵᠤᠨ ᠤ ᠣᠯᠢᠮᠫᠢ ᠠᠴᠠ ᠮᠥᠩᠭᠥ᠂ ᠬᠦᠷᠡᠯ ᠮᠧᠳᠠᠯ ᠬᠦᠷᠲᠡᠭᠰᠡᠨ ᠵ∙ᠮᠥᠩᠬᠡᠪᠠᠲᠤ᠂ ᠳ∙ᠰᠡᠷᠡᠭᠡᠲᠡᠷ᠂ ᠴ∙ᠳᠠᠮᠳᠢᠨᠰᠢᠷᠠᠪ᠂ ᠲ∙ᠠᠷᠲᠠᠭ ᠨᠠᠷ ᠤᠨ ᠲᠠᠮᠢᠷᠴᠢᠳ ᠤᠨ ᠲᠡᠦᠬᠡᠨ ᠠᠮᠵᠢᠯᠲᠠ ᠶᠢᠨ 50 ᠵᠢᠯ ᠦᠨ ᠣᠢ ᠳᠤ ᠵᠣᠷᠢᠭᠤᠯᠤᠭᠰᠠᠨ ᠳᠤᠷᠠᠰᠬᠠᠯ ᠤᠨ ᠵᠣᠭᠣᠰ ᠢ ᠬᠤᠳᠠᠯᠳᠤᠭᠠᠨ ᠳᠤ ᠭᠠᠷᠭᠠᠬᠤ ᠳᠤ ᠪᠡᠯᠡᠨ ᠪᠣᠯᠤᠭᠠᠳ ᠪᠠᠶᠢᠨ᠎ᠠ᠃