ᠵᠢᠯ ᠪᠦᠷᠢ ᠶᠢᠨ ᠠᠷᠪᠠᠳᠤᠭᠠᠷ ᠰᠠᠷ᠎ᠠ ᠶᠢᠨ ᠡᠬᠢᠨ ᠦ ᠳᠣᠯᠣᠭ᠎ᠠ ᠬᠣᠨᠣᠭ ᠢ ᠪᠠᠭᠰᠢ ᠨᠠᠷ ᠤᠨ ᠪᠠᠶᠠᠷ ᠪᠣᠯᠭᠠᠨ ᠲᠡᠮᠳᠡᠭᠯᠡᠨ ᠥᠩᠭᠡᠷᠡᠭᠦᠯᠳᠡᠭ᠃ ᠡᠭᠦᠨ ᠲᠡᠢ ᠬᠤᠯᠪᠤᠭ᠎ᠠ ᠲᠠᠢ ᠪᠠᠷ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠭᠠᠷᠭᠠᠭᠰᠠᠨ ᠮᠣᠩᠭᠣᠯ ᠤᠨ ᠪᠠᠭᠰᠢ ᠨᠠᠷ ᠤᠨ ᠲᠤᠬᠠᠢ ᠰᠲ᠋ᠠᠲ᠋ᠢᠰᠲ᠋ᠢᠺ ᠮᠡᠳᠡᠭᠡ ᠶᠢ ᠬᠦᠷᠭᠡᠵᠦ ᠪᠠᠶᠢᠨ᠎ᠠ᠃
ᠮᠠᠨ ᠤ ᠤᠯᠤᠰ ᠲᠤ 2017 ᠣᠨ ᠳᠤ ᠨᠡᠶᠢᠲᠡ 45.9 ᠮᠢᠩᠭᠠᠨ ᠪᠠᠭᠰᠢ᠂ ᠰᠤᠷᠭᠠᠨ ᠬᠦᠮᠦᠵᠢᠭᠦᠯᠦᠭᠴᠢ ᠠᠵᠢᠯᠯᠠᠵᠤ ᠪᠠᠶᠢᠭᠰᠠᠨ ᠤ 80 ᠬᠤᠪᠢ ᠨᠢ ᠡᠮᠡᠭᠲᠡᠢ᠂ ᠦᠯᠡᠳᠡᠭᠰᠡᠨ 20 ᠬᠤᠪᠢ ᠨᠢ ᠡᠷᠡᠭᠲᠡᠢ ᠪᠠᠭᠰᠢ ᠠᠵᠡᠢ᠃ ᠨᠡᠶᠢᠲᠡ ᠪᠠᠭᠰᠢ ᠶᠢᠨ 38.9 ᠮᠢᠩᠭ᠎ᠠ ᠨᠢ ᠤᠯᠤᠰ ᠤᠨ ᠰᠤᠷᠭᠠᠭᠤᠯᠢ ᠳᠤ᠂ 7 ᠮᠢᠩᠭ᠎ᠠ ᠨᠢ ᠬᠤᠪᠢ ᠶᠢᠨ ᠰᠤᠷᠭᠠᠭᠤᠯᠢ ᠳᠤ ᠪᠠᠭᠰᠢᠯᠠᠳᠠᠭ ᠪᠠᠶᠢᠨ᠎ᠠ᠃