ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠠᠶᠢᠯᠴᠢᠯᠠᠬᠤ ᠤᠷᠢᠯᠭ᠎ᠠ ᠢᠷᠡᠭᠦᠯᠵᠡᠢ | News.MN

ᠠᠷᠠᠪ ᠤᠨ ᠨᠢᠭᠡᠳᠦᠭᠰᠡᠨ ᠡᠮᠢᠷᠠᠲ ᠤᠯᠤᠰ ᠲᠤ ᠠᠶᠢᠯᠴᠢᠯᠠᠬᠤ ᠤᠷᠢᠯᠭ᠎ᠠ ᠢᠷᠡᠭᠦᠯᠵᠡᠢ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠠᠷᠠᠪ ᠤᠨ ᠨᠢᠭᠡᠳᠦᠭᠰᠡᠨ ᠡᠮᠢᠷᠠᠲ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ  ᠠᠪᠳᠤᠯᠯᠠ ᠠᠯᠢ  ᠲᠤᠨᠧᠶᠢᠵᠢᠰ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠶᠡᠷᠦᠩᠬᠡᠢ ᠰᠠᠶᠢᠳ ᠤ᠊∙ᠬᠦᠷᠡᠯᠰᠦ᠋ᠬᠡ  ᠶᠢ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠶᠡᠷᠦᠩᠬᠡᠢ ᠰᠠᠶᠢᠳ ᠥᠪᠡᠷ ᠦᠨ ᠣᠷᠣᠨ ᠳᠤ ᠠᠯᠪᠠᠨ ᠶᠣᠰᠣᠨ ᠤ ᠠᠶᠢᠯᠴᠢᠯᠠᠯ ᠬᠢᠬᠦ ᠶᠢ ᠤᠷᠢᠵᠤ᠂ ᠤᠷᠢᠯᠭ᠎ᠠ ᠢᠯᠡᠭᠡᠭᠰᠡᠨ ᠢ ᠭᠠᠷᠳᠠᠭᠤᠯᠵᠤ ᠥᠭᠪᠡ᠃
ᠶᠡᠷᠦᠩᠬᠡᠢ ᠰᠠᠶᠢᠳ ᠮᠣᠩᠭᠣᠯ᠂ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠵᠦ᠂ ᠡᠭᠦᠨ ᠳᠦ ᠡᠯᠴᠢᠨ ᠰᠠᠶᠢᠳ ᠤᠨ ᠡᠭᠦᠷᠭᠡ ᠣᠷᠣᠯᠴᠠᠭ᠎ᠠ᠂ ᠬᠢᠴᠢᠶᠡᠯ ᠵᠢᠳᠬᠦᠯ ᠶᠡᠬᠡ ᠭᠡᠳᠡᠭ ᠢ ᠲᠡᠮᠳᠡᠭᠯᠡᠪᠡ᠃ ᠲᠤᠬᠠᠶᠢᠯᠠᠪᠠᠯ᠂  ᠠᠪᠤᠳᠠᠪᠢ ᠶᠢᠨ ᠬᠥᠭᠵᠢᠯ ᠦᠨ ᠰᠠᠩ ᠲᠠᠢ ᠡᠬᠢᠯᠡᠭᠦᠯᠦᠭᠰᠡᠨ ᠬᠠᠮᠲᠤ ᠶᠢᠨ ᠠᠵᠢᠯᠯᠠᠭ᠎ᠠ ᠶᠢ ᠦᠷᠭᠦᠯᠵᠢᠯᠡᠭᠦᠯᠬᠦ᠂ ᠢᠯᠠᠩᠭᠤᠶ᠎ᠠ ᠮᠣᠩᠭᠣᠯ ᠳᠤ ᠳᠡᠳ᠋ ᠪᠦᠲᠦᠴᠡ᠂ ᠵᠠᠮ ᠪᠠᠷᠢᠯᠭ᠎ᠠ᠂ ᠠᠭᠤᠯᠠ ᠠᠭᠤᠷᠬᠠᠢ᠂ ᠡᠷᠴᠢᠮ ᠬᠦᠴᠦ᠂ ᠬᠥᠳᠡᠭᠡ ᠠᠵᠤ ᠠᠬᠤᠢ ᠵᠡᠷᠭᠡ ᠣᠯᠠᠨ ᠰᠠᠯᠪᠤᠷᠢ ᠳᠤ ᠬᠥᠷᠥᠩᠭᠡ ᠣᠷᠣᠭᠤᠯᠤᠯᠲᠠ ᠬᠢᠬᠦ ᠪᠣᠯᠤᠮᠵᠢ ᠪᠠᠶᠢᠭ᠎ᠠ ᠶᠢ ᠲᠡᠮᠳᠡᠭᠯᠡᠨ ᠳᠡᠮᠵᠢᠵᠦ ᠠᠵᠢᠯᠯᠠᠬᠤ ᠶᠢ ᠬᠦᠰᠡᠯ᠎ᠡ᠃
ᠡᠯᠴᠢᠨ ᠰᠠᠶᠢᠳ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠺᠣᠮᠫᠠᠨᠢ ᠨᠤᠭᠤᠳ ᠮᠣᠩᠭᠣᠯ ᠳᠤ ᠬᠥᠷᠥᠩᠭᠡ ᠣᠷᠣᠭᠤᠯᠤᠯᠲᠠ ᠬᠢᠵᠦ ᠬᠠᠮᠲᠤᠷᠠᠨ ᠠᠵᠢᠯᠯᠠᠬᠤ ᠳᠤ ᠪᠡᠯᠡᠨ ᠭᠡᠳ ᠶᠠᠭᠤᠨ ᠤ ᠡᠮᠦᠨ᠎ᠡ ᠳᠠᠪᠬᠤᠷ ᠲᠠᠲᠠᠪᠤᠷᠢ ᠶᠢᠨ ᠬᠡᠯᠡᠯᠴᠡᠭᠡᠷ ᠢ ᠰᠢᠨᠡᠴᠢᠯᠡᠨ ᠪᠠᠶᠢᠭᠤᠯᠬᠤ ᠶᠢᠨ ᠴᠢᠬᠤᠯᠠ ᠶᠢ ᠲᠡᠮᠳᠡᠭᠯᠡᠪᠡ᠃ ᠮᠥᠨ ᠡᠯᠴᠢᠨ ᠰᠠᠶᠢᠳ ᠤᠨ ᠶᠠᠮᠤᠨ ᠤ ᠵᠦᠭ ᠡᠴᠡ ᠮᠣᠩᠭᠣᠯ ᠣᠷᠣᠨ ᠤ ᠲᠡᠦᠬᠡ᠂ ᠰᠤᠶᠤᠯ ᠢ ᠰᠤᠷᠲᠠᠯᠴᠢᠯᠠᠬᠤ ᠴᠢᠭᠯᠡᠯ ᠢᠶᠡᠷ ᠲᠣᠳᠣᠷᠬᠠᠢ ᠠᠵᠢᠯ ᠵᠣᠬᠢᠶᠠᠨ ᠪᠠᠶᠢᠭᠤᠯᠤᠭᠰᠠᠨ ᠤ ᠦᠷ᠎ᠡ  ᠳ᠋ᠦᠩ ᠳᠦ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠢᠷᠭᠡᠳ ᠦᠨ ᠮᠣᠩᠭᠣᠯ ᠳᠤ ᠵᠢᠭᠤᠯᠴᠢᠯᠠᠬᠤ ᠰᠣᠨᠢᠷᠬᠠᠯ ᠨᠡᠮᠡᠭᠳᠡᠵᠦ ᠪᠠᠶᠢᠭ᠎ᠠ ᠶᠢ ᠲᠡᠮᠳᠡᠭᠯᠡᠵᠦ᠂ ᠢᠷᠭᠡᠳ ᠬᠠᠷᠢᠯᠴᠠᠨ ᠵᠣᠷᠴᠢᠬᠤ ᠠᠰᠠᠭᠤᠳᠠᠯ ᠢ ᠬᠥᠩᠭᠡᠪᠴᠢᠯᠡᠬᠦ ᠨᠢ ᠠᠶᠠᠯᠠᠯ ᠵᠢᠭᠤᠯᠴᠢᠯᠠᠯ ᠢ ᠬᠥᠭᠵᠢᠭᠦᠯᠬᠦ ᠳᠦ ᠴᠢᠬᠤᠯᠠ ᠲᠦᠯᠬᠢᠴᠡ ᠪᠣᠯᠬᠤ ᠶᠢ ᠣᠨᠴᠠᠯᠠᠪᠠ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ