ᠬᠡᠨᠲᠡᠢ ᠶᠢᠨ ᠨᠥᠬᠥᠨ ᠰᠣᠩᠭᠣᠭᠤᠯᠢ ᠶᠢ ᠶᠠᠪᠤᠭᠤᠯᠬᠤ ᠰᠣᠨᠢᠷᠬᠠᠯ ᠦᠭᠡᠢ ᠪᠠᠶᠢᠨ᠎ᠠ | News.MN

ᠬᠡᠨᠲᠡᠢ ᠶᠢᠨ ᠨᠥᠬᠥᠨ ᠰᠣᠩᠭᠣᠭᠤᠯᠢ ᠶᠢ ᠶᠠᠪᠤᠭᠤᠯᠬᠤ ᠰᠣᠨᠢᠷᠬᠠᠯ ᠦᠭᠡᠢ ᠪᠠᠶᠢᠨ᠎ᠠ

ᠬᠡᠨᠲᠡᠢ ᠠᠶᠢᠮᠠᠭ ᠲᠤ ᠨᠥᠬᠥᠨ ᠰᠣᠩᠭᠣᠭᠤᠯᠢ ᠶᠠᠪᠤᠭᠤᠯᠬᠤ ᠲᠤᠬᠠᠢ ᠤᠯᠤᠰ ᠤᠨ ᠶᠡᠬᠡ ᠬᠤᠷᠠᠯ ᠦᠨ 62 ᠳ᠋ᠤᠭᠠᠷ ᠲᠣᠭᠲᠠᠭᠠᠯ ᠤᠨ ᠵᠠᠷᠢᠮ ᠵᠢᠭᠠᠯᠲᠠ ᠦᠨᠳᠦᠰᠦᠨ ᠬᠠᠤᠯᠢ ᠵᠥᠷᠢᠴᠡᠭᠰᠡᠨ ᠭᠡᠵᠦ ᠰᠡᠴᠡ ᠶᠢᠨ ᠳᠤᠮᠳᠠ ᠰᠠᠭᠤᠳᠠᠯ ᠤᠨ ᠬᠤᠷᠠᠯᠳᠤᠭᠠᠨ ᠠᠴᠠ ᠦᠵᠡᠭᠰᠡᠨ ᠪᠢᠯᠡ᠃ ᠤᠭ ᠳ᠋ᠦᠩᠨᠡᠯᠲᠡ ᠶᠢ ᠤᠯᠤᠰ ᠤᠨ ᠶᠡᠬᠡ ᠬᠤᠷᠠᠯ ᠳ᠋ᠠᠬᠢ  ᠠᠷᠠᠳᠴᠢᠯᠠᠭᠰᠠᠨ ᠨᠠᠮ᠂  ᠮᠤᠩᠭᠤᠯ ᠠᠷᠠᠳ ᠍ ᠤᠨ ᠨᠠᠮ ᠤᠨ ᠪᠦᠯᠦᠭ ᠦᠳ ᠬᠦᠯᠢᠶᠡᠨ ᠠᠪᠬᠤ ᠪᠣᠯᠤᠮᠵᠢ ᠦᠭᠡᠢ ᠭᠡᠵᠦ ᠦᠵᠡᠭᠰᠡᠨ ᠶᠤᠮ᠃ ᠤᠯᠠᠮ ᠢᠶᠠᠷ ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠳ᠋ᠦᠩᠨᠡᠯᠲᠡ ᠶᠢ ᠬᠦᠯᠢᠶᠡᠨ ᠠᠪᠬᠤ ᠪᠣᠯᠤᠮᠵᠢ ᠦᠭᠡᠢ ᠭᠡᠵᠦ ᠣᠯᠠᠩᠬᠢ ᠪᠠᠷ ᠰᠢᠢᠳᠦᠭᠰᠡᠨ᠃ ᠤᠭ ᠰᠠᠨᠠᠯ ᠤᠨ ᠲᠣᠮᠢᠶᠠᠯᠠᠯ ᠢᠶᠠᠷ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠭᠤᠯᠤᠨ᠂ ᠳᠡᠮᠵᠢᠭᠦᠯᠦᠯ᠎ᠡ᠃ ᠤᠯᠤᠰ ᠤᠨ ᠶᠡᠬᠡ ᠬᠤᠷᠠᠯ ᠰᠡᠴᠡ ᠶᠢᠨ ᠳᠤᠮᠳᠠ ᠰᠠᠭᠤᠳᠠᠯ ᠤᠨ ᠬᠤᠷᠠᠯᠳᠤᠭᠠᠨ ᠤ ᠰᠢᠢᠳᠪᠦᠷᠢ ᠶᠢ ᠬᠦᠯᠢᠶᠡᠨ ᠠᠪᠬᠤ ᠪᠣᠯᠤᠮᠵᠢ ᠦᠭᠡᠢ ᠭᠡᠵᠦ ᠦᠵᠡᠭᠰᠡᠨ ᠲᠤᠯᠠ ᠳᠠᠬᠢᠨ ᠶᠡᠬᠡ ᠰᠠᠭᠤᠳᠠᠯ ᠤᠨ ᠬᠤᠷᠠᠯᠳᠤᠭᠠᠨ ᠢᠶᠠᠷ ᠬᠡᠯᠡᠯᠴᠡᠬᠦ ᠱᠠᠭᠠᠷᠳᠠᠯᠭ᠎ᠠ ᠡᠭᠦᠰᠴᠦ ᠪᠠᠶᠢᠨ᠎ᠠ᠃ ᠶᠡᠬᠡ ᠰᠠᠭᠤᠳᠠᠯ ᠤᠨ ᠬᠤᠷᠠᠯᠳᠤᠭᠠᠨ ᠠᠴᠠ ᠤᠯᠤᠰ ᠤᠨ ᠶᠡᠬᠡ ᠬᠤᠷᠠᠯ ᠤᠨ 62 ᠳ᠋ᠤᠭᠠᠷ ᠲᠣᠭᠲᠠᠭᠠᠯ ᠢ ᠦᠨᠳᠦᠰᠦᠨ ᠬᠠᠤᠯᠢ ᠵᠥᠷᠢᠴᠡᠭᠰᠡᠨ ᠭᠡᠵᠦ ᠦᠵᠡᠪᠡᠯ ᠳᠠᠬᠢᠨ ᠫᠠᠷᠯᠠᠮᠧᠨᠲ ᠤᠨ ᠲᠦᠪᠰᠢᠨ ᠳᠦ ᠬᠡᠯᠡᠯᠴᠡᠬᠦ ᠦᠭᠡᠢ᠃ ᠰᠡᠴᠡ ᠶᠢᠨ ᠰᠢᠢᠳᠪᠦᠷᠢ ᠰᠢᠭᠤᠳ ᠬᠡᠷᠡᠭᠵᠢᠭᠡᠳ ᠶᠠᠪᠤᠬᠤ ᠶᠤᠮ᠃ ᠰᠡᠴᠡ ᠶᠢᠨ ᠳ᠋ᠦᠩᠨᠡᠯᠲᠡ ᠶᠢ ᠴᠢᠭᠤᠯᠭᠠᠨ ᠢᠶᠠᠷ ᠬᠡᠯᠡᠯᠴᠡᠬᠦ ᠦᠶ᠎ᠡ ᠳᠦ ᠭᠡᠰᠢᠭᠦᠳ ᠶᠠᠮᠠᠷ ᠪᠠᠶᠢᠷᠢ ᠰᠠᠭᠤᠷᠢ ᠢᠯᠡᠷᠬᠡᠶᠢᠯᠡᠭᠰᠡᠨ ᠢ ᠰᠤᠨᠢᠷᠬᠠᠭᠠᠷᠠᠢ ᠃
ᠳ᠂ ᠲᠡᠷᠡᠪᠢᠰᠢᠳᠠᠭᠪᠠ᠄ ᠨᠢᠭᠡ ᠲᠠᠯ᠎ᠠ ᠠᠴᠠ ᠢᠷᠭᠡᠨ ᠦ ᠰᠤᠩᠭᠤᠬᠤ ᠰᠤᠩᠭᠤᠭᠳᠠᠬᠤ ᠡᠷᠬᠡ ᠶᠢ ᠬᠠᠩᠭᠠᠭᠰᠠᠨ ᠦᠨᠳᠦᠰᠦᠨ ᠬᠠᠤᠯᠢ ᠶᠢᠨ ᠰᠡᠴᠡ ᠶᠢᠨ ᠳ᠋ᠦᠩᠨᠡᠯᠲᠡ ᠦᠨᠳᠦᠰᠦᠯᠡᠯ ᠲᠡᠢ ᠮᠡᠲᠦ ᠬᠠᠷᠠᠭᠳᠠᠵᠤ ᠪᠠᠶᠢᠨ᠎ᠠ᠃ ᠬᠠᠷᠢᠨ ᠨᠥᠭᠥᠭᠡ ᠲᠠᠯ᠎ᠠ ᠠᠴᠠ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ 42 ᠳ᠋ᠤᠭᠠᠷ ᠲᠣᠭᠣᠷᠢᠭ ᠤᠨ ᠢᠷᠭᠡᠳ ᠲᠥᠷᠥ ᠳᠦ ᠲᠥᠯᠥᠭᠡᠯᠡᠯ ᠦᠭᠡᠢ ᠪᠣᠯᠤᠭᠠᠳ ᠪᠠᠶᠢᠨ᠎ᠠ᠃ ᠡᠨᠡ ᠪᠣᠯ ᠬᠠᠤᠯᠢ ᠶᠢᠨ ᠵᠥᠷᠢᠴᠡᠯ᠂ ᠬᠡᠶᠢᠳᠡᠯ ᠪᠠᠶᠢᠭ᠎ᠠ ᠶᠢᠨ ᠢᠯᠡᠷᠡᠯ᠃
ᠳ᠂ ᠯᠦᠩᠳᠦᠭᠵᠡᠯᠰᠡᠨ᠄ ᠰᠣᠩᠭᠣᠭᠤᠯᠢ ᠶᠢᠨ ᠬᠠᠤᠯᠢ ᠪᠠᠷ ᠵᠢᠯ ᠳᠦ ᠬᠣᠶᠠᠷ ᠤᠳᠠᠭ᠎ᠠ ᠪᠤᠶᠤ ᠵᠢᠷᠭᠤᠭ᠎ᠠ ᠪᠣᠯᠤᠨ ᠠᠷᠪᠠᠳᠤᠭᠠᠷ ᠰᠠᠷ᠎ᠠ ᠳᠤ ᠰᠣᠩᠭᠣᠭᠤᠯᠢ ᠶᠠᠪᠤᠭᠤᠯᠬᠤ ᠶᠣᠰᠣᠲᠠᠢ᠃ ᠡᠨᠡ ᠬᠦᠷᠢᠶᠡᠨ ᠳᠦ ᠨᠥᠬᠥᠨ ᠰᠣᠩᠭᠣᠭᠤᠯᠢ ᠶᠢᠨ ᠲᠣᠪ ᠢ ᠵᠠᠷᠯᠠᠭᠰᠠᠨ᠃ ᠦᠨᠳᠦᠰᠦᠨ ᠬᠠᠤᠯᠢ ᠶᠢᠨ ᠰᠡᠴᠡ ᠨᠢᠭᠡ ᠬᠦᠮᠦᠨ ᠦ ᠡᠷᠬᠡ ᠶᠢ ᠬᠠᠮᠠᠭᠠᠯᠠᠭᠰᠠᠨ ᠳ᠋ᠦᠩᠨᠡᠯᠲᠡ ᠭᠠᠷᠭᠠᠭᠰᠠᠨ ᠪᠣᠯ ᠬᠠᠤᠯᠢ ᠵᠦᠢ ᠶᠢᠨ ᠪᠣᠯᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠰᠣᠩᠭᠣᠭᠤᠯᠢ ᠶᠢᠨ 42 ᠳ᠋ᠤᠭᠠᠷ ᠲᠣᠭᠣᠷᠢᠭ ᠤᠨ 10 ᠮᠢᠩᠭ᠎ᠠ ᠭᠠᠷᠤᠢ ᠢᠷᠭᠡᠨ ᠦ ᠡᠷᠬᠡ ᠶᠢ ᠬᠠᠮᠠᠭᠠᠯᠠᠬᠤ ᠰᠢᠢᠳᠪᠦᠷᠢ ᠭᠠᠷᠭᠠᠵᠤ ᠪᠠᠶᠢᠭ᠎ᠠ ᠶᠤᠮ᠃ ᠴᠢᠨᠠᠭᠰᠢᠳᠠ ᠪᠠᠨ ᠰᠣᠩᠭᠣᠭᠤᠯᠢ ᠶᠢᠨ ᠬᠠᠤᠯᠢ ᠶᠢ ᠪᠣᠯᠪᠠᠰᠤᠷᠠᠩᠭᠤᠢ ᠪᠣᠯᠭᠠᠬᠤ ᠱᠠᠭᠠᠷᠳᠠᠯᠭ᠎ᠠ ᠪᠤᠢ᠃ ᠲᠡᠶᠢᠮᠦ ᠡᠴᠡ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠤᠯᠤᠰ ᠤᠨ ᠶᠡᠬᠡ ᠬᠤᠷᠠᠯ᠂ ᠶᠡᠷᠦᠩᠬᠡᠶᠢᠯᠡᠭᠴᠢ ᠪᠣᠯᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠰᠣᠩᠭᠣᠭᠤᠯᠢ ᠶᠢᠨ ᠬᠠᠤᠯᠢ ᠶᠢᠨ ᠵᠠᠭᠪᠤᠷ ᠢ ᠭᠠᠷᠭᠠᠵᠤ ᠪᠠᠶᠢᠭ᠎ᠠ᠃
ᠳ᠂ ᠡᠷᠳᠡᠨᠢᠪᠠᠲᠤ ᠄ ᠦᠨᠳᠦᠰᠦᠨ ᠬᠠᠤᠯᠢ ᠳᠤ ᠬᠦᠮᠦᠨ ᠡᠷᠬᠡ ᠴᠢᠯᠦᠭᠡ ᠪᠡᠨ ᠡᠳ᠋ᠯᠡᠬᠦ ᠳᠦ ᠪᠡᠨ ᠪᠤᠰᠤᠳ ᠤᠨ ᠡᠷᠬᠡ ᠶᠢ ᠵᠥᠷᠢᠴᠡᠵᠦ ᠪᠣᠯᠬᠤ ᠦᠭᠡᠢ ᠭᠡᠵᠦ ᠵᠢᠭᠠᠭᠰᠠᠨ᠃ ᠥᠭᠡᠷ᠎ᠡ ᠪᠡᠷ ᠬᠡᠯᠡᠪᠡᠯ᠂ ᠦᠨᠳᠦᠰᠦᠨ ᠬᠠᠤᠯᠢ ᠶᠢᠨ ᠴᠡᠴᠡ ᠨᠢᠭᠡ ᠬᠦᠮᠦᠨ ᠦ ᠪᠢᠰᠢ ᠨᠡᠶᠢᠲᠡ ᠶᠢᠨ ᠲᠥᠯᠥᠭᠡ ᠰᠢᠢᠳᠪᠦᠷᠢ ᠭᠠᠷᠭᠠᠬᠤ ᠶᠣᠰᠣᠲᠠᠢ᠃ ᠨᠢᠭᠡ ᠬᠦᠮᠦᠨ ᠦ ᠡᠷᠬᠡ ᠶᠢ ᠬᠠᠮᠠᠭᠠᠯᠠᠬᠤ ᠰᠢᠢᠳᠪᠦᠷᠢ ᠭᠠᠷᠭᠠᠭᠰᠠᠨ ᠢᠶᠠᠷ ᠢᠶᠠᠨ ᠰᠡᠴᠡ ᠨᠡᠷ᠎ᠡ ᠬᠦᠨᠳᠦ ᠪᠡᠨ ᠠᠯᠳᠠᠵᠤ ᠪᠠᠶᠢᠨ᠎ᠠ᠃ ᠨᠦᠭᠦᠭᠡᠳᠡᠭᠡᠭᠦᠷ ᠲᠥᠷᠥ ᠶᠢᠨ ᠠᠯᠪᠠ ᠶᠢ ᠤᠯᠤᠰ ᠲᠥᠷᠥ ᠡᠴᠡ ᠠᠩᠭᠢᠳᠠ ᠪᠠᠶᠢᠯᠭᠠᠬᠤ ᠬᠡᠷᠡᠭᠲᠡᠢ᠃ ᠲᠠᠩᠭᠠᠷᠢᠭ ᠡᠷᠭᠦᠭᠰᠡᠨ ᠲᠥᠷᠥ ᠶᠢᠨ ᠠᠯᠪᠠᠨ ᠬᠠᠭᠠᠭᠴᠢ ᠶᠢ ᠵᠢᠷ ᠦᠨ ᠢᠷᠭᠡᠨ ᠲᠡᠢ ᠳ᠋ᠦᠢᠴᠡᠭᠦᠯᠵᠦ ᠪᠣᠯᠬᠤ ᠦᠭᠡᠢ᠃ ᠲᠡᠶᠢᠮᠦ ᠡᠴᠡ  ︽ᠰᠣᠩᠭᠣᠭᠤᠯᠢ ᠶᠢᠨ ᠲᠤᠬᠠᠢ︾ ᠬᠠᠤᠯᠢ ᠶᠢ  ᠦᠭᠡᠷᠡᠴᠢᠯᠡᠬᠦ ᠳᠦ ᠪᠡᠨ ᠰᠣᠩᠭᠣᠭᠤᠯᠢ ᠳᠤ ᠥᠷᠢᠰᠦᠯᠳᠦᠬᠦ ᠪᠡᠷ ᠠᠵᠢᠯ ᠢᠶᠠᠨ ᠬᠦᠯᠢᠶᠡᠯᠭᠡᠨ ᠥᠭᠭᠦᠭᠰᠡᠨ ᠲᠥᠷᠥ ᠶᠢᠨ ᠠᠯᠪᠠᠨ ᠬᠠᠭᠠᠭᠴᠢ ᠳᠠᠬᠢᠨ ᠲᠤᠬᠠᠢ ᠶᠢᠨ ᠠᠵᠢᠯ ᠳᠤ ᠪᠠᠨ ᠲᠣᠮᠢᠯᠠᠭᠳᠠᠳᠠᠭ ᠦᠭᠡᠢ ᠪᠠᠶᠢᠬᠤ ᠵᠣᠬᠢᠴᠠᠭᠤᠯᠤᠯᠲᠠ ᠲᠤᠰᠬᠠᠬᠤ ᠨᠢ ᠵᠥᠪ᠃
ᠪ᠂ ᠫᠦᠷᠪᠤᠳᠤᠷᠵᠢ ᠄ ᠦᠨᠳᠦᠰᠦᠨ ᠬᠠᠤᠯᠢ ᠶᠢᠨ ᠰᠡᠴᠡ ᠶᠠᠭᠠᠬᠢᠭᠠᠳ ᠡᠶᠢᠮᠦ ᠰᠢᠢᠳᠪᠦᠷᠢ ᠭᠠᠷᠭᠠᠭᠰᠠᠨ ᠪᠤᠢ ᠭᠡᠳᠡᠭ ᠢ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠳᠤ ᠬᠡᠯᠡᠭᠰᠡᠨ᠃ 42 ᠍ ᠳᠦᠭᠡᠷ ᠲᠣᠭᠣᠷᠢᠭ ᠲᠤ ᠨᠥᠬᠥᠨ ᠰᠣᠩᠭᠣᠭᠤᠯᠢ ᠶᠠᠪᠤᠭᠤᠯᠤᠭᠰᠠᠨ ᠪᠣᠯ ᠮᠤᠩᠭᠤᠯ ᠠᠷᠠᠳ ᠤᠨ ᠨᠠᠮ ᠢᠯᠠᠭᠳᠠᠬᠤ ᠪᠠᠶᠢᠭᠰᠠᠨ᠃ ᠮᠤᠩᠭᠤᠯ ᠠᠷᠠᠳ ᠤᠨ ᠨᠠᠮ ᠨᠢᠭᠡ ᠴᠤ ᠪᠦᠲᠦᠭᠡᠨ ᠪᠠᠶᠢᠭᠤᠯᠤᠯᠲᠠ ᠬᠢᠬᠦ ᠦᠭᠡᠢ᠂ ᠰᠣᠩᠭᠣᠭᠴᠢᠳ ᠳᠡᠭᠡᠷ᠎ᠡ ᠪᠡᠨ ᠣᠴᠢᠬᠤ ᠨᠢᠭᠤᠷ ᠦᠭᠡᠢ ᠪᠣᠯᠤᠭᠰᠠᠨ ᠭᠡᠵᠦ ᠬᠡᠯᠡᠭᠰᠡᠨ ᠴᠢᠨᠢ ᠭᠡᠰᠢᠭᠦᠳ ᠶᠡᠬᠡ ᠠᠭᠤᠷᠯᠠᠵᠤ ᠪᠠᠶᠢᠨ᠎ᠠ ᠯᠠᠢ ᠃ ᠤ᠊∙ᠬᠦᠷᠡᠯᠰᠦ᠋ᠬᠡ ᠡᠨᠡ ᠰᠣᠩᠭᠣᠭᠤᠯᠢ ᠶᠢ ᠶᠠᠪᠤᠭᠤᠯᠬᠤ ᠰᠣᠨᠢᠷᠬᠠᠯ ᠦᠭᠡᠢ᠂ ᠤᠴᠢᠪᠠᠯ ᠢᠯᠠᠭᠳᠠᠬᠤ ᠤᠴᠢᠷ ᠠᠴᠠ᠂ ᠵᠢᠯᠣᠭᠣᠴᠢ ᠶᠢᠨ ᠢᠶᠠᠨ ᠡᠵᠢ ᠪᠡᠷ ᠡᠷᠭᠦᠳᠡᠯ ᠦᠭᠭᠦᠭᠦᠯᠦᠭᠰᠡᠨ ᠨᠢ ᠦᠨᠡᠨ᠃ ᠪᠢ ᠦᠨᠡᠨ ᠢ ᠨᠢ ᠯᠠ ᠬᠡᠯᠡᠭᠰᠡᠨ᠃ ᠰᠣᠩᠭᠣᠭᠤᠯᠢ ᠶᠢᠨ ᠬᠠᠤᠯᠢ ᠳᠤ ᠥᠭᠡᠷᠡᠴᠢᠯᠡᠯᠲᠡ ᠣᠷᠣᠭᠤᠯᠤᠨ᠎ᠠ᠂ ᠮᠤᠩᠭᠤᠯ ᠠᠷᠠᠳ ᠤᠨ ᠨᠠᠮ ᠢ ᠰᠣᠩᠭᠣᠭᠴᠢᠳ ᠤᠨ ᠡᠮᠦᠨ᠎ᠡ ᠵᠠᠪᠠᠯ ᠣᠴᠢᠭᠤᠯᠵᠤ᠂  ᠳ᠋ᠦᠩ  ᠢ ᠨᠢ ᠲᠠᠯᠪᠢᠭᠤᠯᠤᠨ᠎ᠠ᠃ ᠡᠭᠦᠨ ᠦ ᠲᠥᠯᠥᠭᠡ  ᠠᠷᠠᠳᠴᠢᠯᠠᠭᠰᠠᠨ ᠨᠠᠮ ᠠᠵᠢᠯᠯᠠᠨ᠎ᠠ᠃
ᠣ ᠂ ᠪᠠᠰᠠᠩᠬᠦᠦ ᠄ ᠭᠡᠰᠢᠭᠦᠳ ᠢ ᠠᠩᠵᠠᠭᠠᠷᠠᠵᠤ ᠪᠠᠶᠢᠬᠤ ᠳᠤ 42 ᠍ ᠳᠦᠭᠡᠷ ᠲᠣᠭᠣᠷᠢᠭ ᠲᠤ ᠮᠠᠰᠢ ᠶᠡᠬᠡ ᠰᠠᠨᠠᠭ᠎ᠠ ᠵᠣᠪᠠᠭᠰᠠᠨ᠂ ᠲᠥᠰᠥᠪ ᠨᠢ ᠪᠠᠲᠤᠯᠠᠭᠳᠠᠵᠤ ᠴᠢᠳᠠᠬᠤ ᠦᠭᠡᠢ ᠳᠦ ᠶᠡᠬᠡ ᠰᠠᠨᠠᠭ᠎ᠠ ᠵᠣᠪᠠᠭᠰᠠᠨ ᠬᠦᠮᠦᠰ ᠪᠠᠶᠢᠨ᠎ᠠ᠃ ᠤᠭ ᠨᠢ ᠰᠣᠩᠭᠣᠭᠤᠯᠢ ᠶᠢᠨ ᠬᠠᠤᠯᠢ ᠳᠤ ᠵᠢᠷᠭᠤᠭᠠᠨ ᠰᠠᠷ᠎ᠠ ᠭᠡᠳᠡᠭ ᠢ ᠵᠢᠷᠭᠤᠭᠠᠨ ᠬᠣᠨᠣᠭ ᠭᠡᠳ ᠵᠠᠰᠠᠬᠤ ᠪᠣᠯᠤᠮᠵᠢ ᠲᠠᠢ᠃ ᠤᠯᠤᠰ ᠤᠨ ᠶᠡᠬᠡ ᠬᠤᠷᠠᠯ ᠤᠨ ᠭᠡᠰᠢᠭᠦᠳ ᠬᠠᠤᠯᠢ ᠵᠥᠷᠢᠴᠡᠭᠡ ᠦᠭᠡᠢ ᠴᠤ ᠰᠡᠴᠡ ᠪᠢᠳᠡᠨ ᠳᠦ ᠬᠠᠤᠯᠢ ᠳᠤ ᠲᠣᠳᠣᠷᠬᠠᠢ ᠥᠭᠡᠷᠡᠴᠢᠯᠡᠯᠲᠡ ᠬᠢᠬᠦ ᠪᠣᠯᠤᠮᠵᠢ ᠣᠯᠭᠤᠭᠰᠠᠨ᠃ ᠡᠨᠡ ᠪᠣᠯᠤᠮᠵᠢ ᠠᠴᠠ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶ᠎ᠠ ᠵᠢᠭᠤᠳᠠᠭᠠᠳ ᠪᠠᠶᠢᠨ᠎ᠠ ᠃ ᠡᠨᠡ ᠰᠣᠩᠭᠣᠭᠤᠯᠢ ᠶᠢ ᠵᠣᠬᠢᠶᠠᠨ ᠪᠠᠶᠢᠭᠤᠯᠬᠤ ᠶᠢ ᠬᠦᠰᠡᠵᠦ ᠪᠠᠶᠢᠪᠠᠯ ᠰᠡᠴᠡ ᠶᠢᠨ ᠳ᠋ᠦᠩᠨᠡᠯᠲᠡ ᠶᠢ ᠬᠦᠯᠢᠶᠡᠵᠦ ᠠᠪᠬᠤ ᠪᠣᠯᠤᠮᠵᠢ ᠪᠠᠶᠢᠨ᠎ᠠ ᠤᠤ᠂ ᠲᠡᠭᠦᠨ ᠦ ᠳᠠᠷᠠᠭ᠎ᠠ ᠬᠠᠤᠯᠢ ᠳᠤ ᠥᠭᠡᠷᠡᠴᠢᠯᠡᠯᠲᠡ ᠣᠷᠣᠭᠤᠯᠤᠭᠠᠳ ᠶᠠᠪᠤᠬᠤ ᠪᠣᠯᠤᠮᠵᠢ ᠪᠠᠶᠢᠨ᠎ᠠ ᠤᠤ᠃ ᠰᠢᠭᠤᠳ ᠬᠠᠤᠯᠢ ᠰᠠᠨᠠᠭᠠᠴᠢᠯᠠᠬᠤ ᠦᠭᠡᠢ ᠪᠡᠷ ᠬᠠᠤᠯᠢ ᠵᠥᠷᠢᠴᠡᠭᠰᠡᠨ ᠵᠢᠭᠠᠯᠲᠠ ᠪᠠᠨ ᠥᠭᠡᠷᠡᠴᠢᠯᠡᠭᠡᠳ᠂ ᠰᠠᠷ᠎ᠠ ᠶᠢᠨ ᠳᠣᠲᠣᠷ᠎ᠠ ᠴᠤ ᠰᠣᠩᠭᠣᠭᠤᠯᠢ ᠵᠣᠬᠢᠶᠠᠨ ᠪᠠᠶᠢᠭᠤᠯᠵᠤ ᠪᠣᠯᠤᠨ᠎ᠠ ᠰᠢᠦ ᠳ᠋ᠡ᠃

ᠰᠡᠳᠬᠢᠭᠳᠡᠯ ᠦᠯᠡᠳᠡᠭᠡᠬᠦ