ᠣᠯᠠᠨ ᠤᠯᠤᠰ ᠤᠨ ᠰᠲ᠋ᠠᠨᠳᠠᠷᠲ ᠨᠡᠪᠲᠡᠷᠡᠭᠦᠯᠬᠦ ᠨᠢ ᠰᠢᠨ᠎ᠡ ᠵᠠᠬ᠎ᠠ ᠵᠡᠭᠡᠯᠢ ᠡᠭᠦᠰᠬᠡᠨ᠎ᠡ | News.MN

ᠣᠯᠠᠨ ᠤᠯᠤᠰ ᠤᠨ ᠰᠲ᠋ᠠᠨᠳᠠᠷᠲ ᠨᠡᠪᠲᠡᠷᠡᠭᠦᠯᠬᠦ ᠨᠢ ᠰᠢᠨ᠎ᠡ ᠵᠠᠬ᠎ᠠ ᠵᠡᠭᠡᠯᠢ ᠡᠭᠦᠰᠬᠡᠨ᠎ᠡ

ᠣᠯᠠᠨ ᠤᠯᠤᠰ ᠤᠨ ᠰᠲ᠋ᠠᠨᠳᠠᠷᠲ ᠨᠡᠪᠲᠡᠷᠡᠭᠦᠯᠦᠭᠰᠡᠨ ᠢᠶᠡᠷ ᠮᠣᠩᠭᠣᠯ ᠤᠯᠤᠰ ᠥᠨᠳᠥᠷ ᠬᠥᠭᠵᠢᠯᠲᠡᠢ ᠣᠷᠣᠨ ᠳᠤ ᠪᠦᠲᠦᠭᠡᠭᠳᠡᠬᠦᠨ ᠢᠶᠡᠨ ᠡᠺᠰᠫᠣᠷᠲᠯᠠᠬᠤ ᠪᠣᠯᠤᠮᠵᠢ ᠪᠥᠷᠢᠳᠦᠨ᠎ᠡ ᠬᠡᠮᠡᠨ 《ᠴᠢᠨᠠᠷ ᠤᠨ ᠳᠡᠳ᠋ ᠪᠦᠲᠦᠴᠡ ᠶᠢᠨ ᠬᠥᠭᠵᠢᠯ ᠦᠨ ᠴᠢᠭ ᠬᠠᠨᠳᠤᠯᠭ᠎ᠠ 》 ᠣᠯᠠᠨ ᠤᠯᠤᠰ ᠤᠨ ᠬᠤᠷᠠᠯ ᠤᠨ ᠲᠥᠯᠥᠭᠡᠯᠡᠭᠴᠢᠳ ᠣᠨᠴᠠᠯᠠᠵᠤ ᠪᠠᠶᠢᠨ᠎ᠠ᠃ ᠰᠲ᠋ᠠᠨᠳᠠᠷᠲ ᠬᠡᠮᠵᠢᠯ ᠵᠦᠢ ᠶᠢᠨ ᠰᠠᠯᠪᠤᠷᠢ  ᠡᠭᠦᠰᠴᠦ ᠬᠥᠭᠵᠢᠭᠰᠡᠨ ᠦ 95 ᠵᠢᠯ ᠦᠨ ᠣᠢ ᠶᠢᠨ ᠬᠦᠷᠢᠶᠡᠨ ᠳᠦ ᠳᠡᠭᠡᠷᠡᠬᠢ ᠬᠤᠷᠠᠯ ᠢ ᠵᠣᠬᠢᠶᠠᠨ ᠪᠠᠶᠢᠭᠤᠯᠵᠤ ᠪᠤᠢ ᠶᠤᠮ ᠃ ᠬᠤᠷᠠᠯ ᠳᠤ ᠣᠯᠠᠨ ᠤᠯᠤᠰ ᠤᠨ ᠬᠡᠮᠵᠢᠯ ᠵᠦᠢ ᠶᠢᠨ ᠲᠣᠪᠴᠢᠶ᠎ᠠ᠂ ᠠᠽᠢᠶ᠎ᠠ ᠨᠣᠮᠣᠬᠠᠨ ᠳᠠᠯᠠᠢ ᠶᠢᠨ ᠢᠲᠡᠭᠡᠮᠵᠢᠯᠡᠯ ᠦᠨ ᠭᠠᠵᠠᠷ ᠪᠣᠯᠤᠨ ᠲᠤᠰ ᠰᠠᠯᠪᠤᠷᠢ ᠶᠢᠨ 250 ᠭᠠᠷᠤᠢ ᠲᠥᠯᠥᠭᠡᠯᠡᠭᠴᠢ ᠣᠷᠣᠯᠴᠠᠵᠤ᠂ ᠣᠯᠠᠨ ᠤᠯᠤᠰ ᠤᠨ ᠰᠲ᠋ᠠᠨᠳᠠᠷᠲ ᠤᠨ ᠱᠠᠭᠠᠷᠳᠠᠯᠭ᠎ᠠ ᠶᠢ ᠬᠡᠷᠬᠢᠨ ᠬᠠᠩᠭᠠᠬᠤ ᠲᠤᠬᠠᠢ ᠬᠠᠷᠢᠯᠴᠠᠨ ᠲᠤᠷᠰᠢᠯᠭ᠎ᠠ ᠰᠣᠯᠢᠯᠴᠠᠵᠤ ᠪᠠᠶᠢᠨ᠎ᠠ ᠃ ᠣᠯᠠᠨ ᠤᠯᠤᠰ ᠤᠨ ᠰᠲ᠋ᠠᠨᠳᠠᠷᠲᠴᠢᠯᠠᠯ ᠤᠨ ᠪᠠᠶᠢᠭᠤᠯᠤᠯᠭ᠎ᠠ   ᠶᠢᠨ ᠶᠡᠷᠦᠩᠬᠡᠶᠢᠯᠡᠭᠴᠢ ᠵᠤᠨ ᠤᠤᠯᠲ᠋ᠧᠷ ᠮᠡᠨᠳᠦᠴᠢᠯᠡᠭᠡ ᠳᠡᠪᠰᠢᠭᠦᠯᠵᠡᠢ᠃ ᠰᠡᠭᠦᠯ ᠦᠨ ᠵᠢᠯ ᠦᠳ ᠲᠦ ᠮᠣᠩᠭᠣᠯ ᠤᠯᠤᠰ ᠤᠨ ︽ᠣᠯᠠᠨ ᠤᠯᠤᠰ ᠤᠨ ᠰᠲ᠋ᠠᠨᠳᠠᠷᠲ ᠲᠧᠭᠨᠢᠭ ᠦᠨ ᠬᠣᠷᠢᠶ᠎ᠠ ︾ ᠳᠦ ᠤᠷᠤᠯᠴᠠᠬᠤ ᠣᠷᠣᠯᠴᠠᠭ᠎ᠠ ᠥᠰᠦᠭᠰᠡᠨ ᠢ ᠮᠡᠨᠳᠦᠴᠢᠯᠡᠭᠡᠨ ᠳᠦ ᠣᠨᠴᠠᠯᠠᠭᠰᠠᠨ ᠶᠤᠮ᠃ ᠡᠨᠡ ᠲᠠᠯ᠎ᠠ ᠪᠠᠷ ᠰᠲ᠋ᠠᠨᠳᠠᠷᠲ  ᠬᠡᠮᠵᠢᠯ ᠵᠦᠢ ᠶᠢᠨ ᠭᠠᠵᠠᠷ ᠤᠨ ᠰᠲ᠋ᠠᠨᠳᠠᠷᠲᠴᠢᠯᠠᠯ ᠲᠣᠬᠢᠷᠠᠯ ᠤᠨ ᠦᠨᠡᠯᠡᠭᠡᠨ ᠦ ᠪᠣᠳᠣᠯᠭ᠎ᠠ ᠶᠢᠨ ᠬᠡᠯᠲᠡᠰ ᠦᠨ ᠭᠠᠵᠠᠷ ᠤᠨ ᠳᠠᠷᠤᠭ᠎ᠠ ᠭ∙ᠥᠨᠢᠷᠵᠢᠷᠭᠠᠯ ᠬᠡᠯᠡᠬᠦ ᠳᠦ ᠪᠡᠨ ᠄ ᠮᠠᠨ ᠤ ᠪᠠᠶᠢᠭᠤᠯᠤᠯᠭ᠎ᠠ ᠰᠡᠭᠦᠯ ᠦᠨ 3 ᠵᠢᠯ ᠦᠨ ᠬᠤᠭᠤᠴᠠᠭᠠᠨ ᠳᠤ ᠴᠢᠨᠠᠷ ᠤᠨ ᠳᠡᠳ᠋ ᠪᠦᠲᠦᠴᠡ ᠶᠢ ᠬᠥᠭᠵᠢᠭᠦᠯᠵᠦ᠂ ᠪᠢᠽᠢᠨᠧᠰ ᠡᠷᠬᠢᠯᠡᠭᠴᠢ᠂ ᠲᠥᠷᠥ ᠬᠤᠪᠢ ᠶᠢᠨ ᠬᠡᠪᠰᠢᠯ ᠦᠨ ᠲᠥᠯᠥᠭᠡᠯᠡᠯ ᠢ ᠣᠯᠠᠨ ᠤᠯᠤᠰ ᠤᠨ ᠰᠤᠷᠭᠠᠯᠲᠠ ᠳᠤ ᠬᠠᠮᠤᠷᠤᠭᠤᠯᠵᠤ᠂ ᠲᠧᠭᠨᠢᠭ ᠦᠨ ᠬᠣᠷᠢᠶᠠᠨ ᠤ ᠨᠠᠷᠢᠨ ᠪᠢᠴᠢᠭ ᠦᠨ ᠳᠠᠷᠤᠭ᠎ᠠ ᠨᠠᠷ ᠤᠨ ᠴᠢᠳᠠᠪᠤᠷᠢ ᠶᠢ ᠳᠡᠭᠡᠭᠰᠢᠯᠡᠭᠦᠯᠬᠦ ᠳᠦ ᠠᠩᠬᠠᠷᠴᠤ ᠠᠵᠢᠯᠯᠠᠭᠰᠠᠨ᠃ ᠧᠦ᠋ᠷᠣᠫᠠ ᠶᠢᠨ ᠬᠣᠯᠪᠣᠭᠠᠨ ᠠᠴᠠ 2013-2017 ᠣᠨ ᠤ ᠬᠣᠭᠣᠷᠣᠨᠳᠣ ︽ᠮᠣᠩᠭᠣᠯ ᠤᠯᠤᠰ ᠲᠤ ᠰᠲ᠋ᠠᠨᠳᠠᠷᠲ ᠤᠨ ᠲᠣᠭᠲᠠᠯᠴᠠᠭ᠎ᠠ ᠶᠢ ᠪᠣᠯᠪᠠᠰᠤᠷᠠᠩᠭᠤᠢ ᠪᠣᠯᠭᠠᠬᠤ ︾ ᠲᠥᠰᠥᠯ ᠬᠡᠷᠡᠭᠵᠢᠭᠦᠯᠦᠭᠰᠡᠨ᠃ ᠣᠯᠠᠨ ᠤᠯᠤᠰ ᠤᠨ ᠰᠲ᠋ᠠᠨᠳᠠᠷᠲ ᠤᠨ ᠳᠠᠭᠠᠤ ᠪᠠᠷᠠᠭ᠎ᠠ ᠪᠦᠲᠦᠭᠡᠭᠳᠡᠬᠦᠨ ᠢ ᠬᠡᠷᠬᠢᠨ ᠦᠢᠯᠡᠳᠪᠦᠷᠢᠯᠡᠬᠦ ᠶᠢ ᠡᠨᠡᠬᠦ ᠲᠥᠰᠥᠯ ᠡᠴᠡ ᠰᠤᠷᠤᠯᠴᠠᠭᠰᠠᠨ ᠭᠡᠪᠡ ᠃
ᠬᠦᠮᠦᠨ ᠦ ᠡᠷᠡᠭᠦᠯ᠂ ᠠᠶᠤᠯ ᠦᠭᠡᠢ᠂ ᠠᠶ᠎ᠠ ᠲᠤᠬᠠᠲᠠᠢ ᠠᠮᠢᠳᠤᠷᠠᠬᠤ ᠣᠷᠴᠢᠨ ᠢ ᠰᠲ᠋ᠠᠨᠳᠠᠷᠲ ᠲᠣᠭᠲᠠᠭᠠᠳᠠᠭ ᠪᠥᠭᠡᠳ ᠡᠭᠦᠨ ᠦ ᠳᠠᠭᠠᠤ ᠦᠢᠯᠡᠳᠪᠦᠷᠢᠯᠡᠭᠰᠡᠨ ᠪᠠᠷᠠᠭ᠎ᠠ ᠪᠦᠲᠦᠭᠡᠭᠳᠡᠬᠦᠨ ᠢ ᠵᠠᠬ᠎ᠠ ᠵᠡᠭᠡᠯᠢ ᠳᠦ ᠭᠠᠷᠭᠠᠬᠤ ᠠᠴᠠ ᠡᠮᠦᠨ᠎ᠡ ᠢᠲᠡᠭᠡᠮᠵᠢᠯᠡᠭᠳᠡᠭᠰᠡᠨ ᠯᠠᠪᠤᠷᠠᠲ᠋ᠣᠷᠢ ᠪᠠᠷ ᠪᠠᠲᠤᠯᠠᠭᠠᠵᠢᠭᠤᠯᠳᠠᠭ᠃ ᠮᠠᠨ ᠤ ᠣᠷᠣᠨ ᠠᠯᠢ ᠤᠯᠤᠰ ᠤᠷᠤᠭᠤ ᠪᠠᠷᠠᠭ᠎ᠠ ᠪᠦᠲᠦᠭᠡᠭᠳᠡᠬᠦᠨ ᠡᠺᠰᠫᠣᠷᠲᠯᠠᠬᠤ ᠭᠡᠵᠦ ᠪᠤᠢ ᠠᠴᠠ  ᠬᠠᠮᠢᠶᠠᠷᠴᠦ ᠂ ᠲᠤᠬᠠᠢ ᠶᠢᠨ ᠣᠷᠣᠨ ᠤ ᠰᠲ᠋ᠠᠨᠳᠠᠷᠲ᠂ ᠲᠧᠭᠨᠢᠭ ᠢ ᠰᠤᠳᠤᠯᠤᠨ ᠯᠠᠪᠤᠷᠠᠲ᠋ᠣᠷᠢ ᠶᠢ ᠬᠥᠭᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠲᠠᠢ ᠶᠢ ᠣᠯᠠᠨ ᠤᠯᠤᠰ ᠤᠨ ᠰᠲ᠋ᠠᠨᠳᠠᠷᠴᠢᠯᠠᠯ ᠤᠨ ᠪᠠᠶᠢᠭᠤᠯᠤᠯᠭ᠎ᠠ ᠶᠢᠨ ᠠᠽᠢᠶ᠎ᠠ ᠶᠢᠨ ᠪᠥᠰᠡ ᠶᠢ ᠬᠠᠷᠢᠭᠤᠴᠠᠭᠰᠠᠨ ᠳᠠᠷᠤᠭ᠎ᠠ ᠠᠳᠠᠷᠢᠨ ᠭᠣ ᠬᠡᠯᠡᠭᠰᠡᠨ ᠶᠤᠮ᠃ ᠲᠡᠷᠡ  ᠪᠡᠷ ᠄ ᠠᠽᠢᠶ᠎ᠠ ᠶᠢᠨ ᠪᠥᠰᠡ ᠳᠦ ISO ᠍ ᠶᠢᠨ ᠭᠡᠰᠢᠭᠦᠨ 26 ᠣᠷᠣᠨ ᠪᠠᠶᠢᠭ᠎ᠠ ᠠᠴᠠ ᠢᠳᠡᠪᠬᠢᠲᠡᠢ ᠦᠢᠯᠡ ᠠᠵᠢᠯᠯᠠᠭᠠᠨ ᠳᠤ ᠣᠷᠣᠯᠴᠠᠳᠠᠭ ᠭᠡᠰᠢᠭᠦᠨ ᠦ ᠨᠢᠭᠡ ᠨᠢ ᠮᠣᠩᠭᠣᠯ ᠤᠯᠤᠰ᠃ ᠮᠣᠩᠭᠣᠯ ᠤᠯᠤᠰ ᠠᠽᠢᠶ᠎ᠠ ᠶᠢᠨ ᠪᠥᠰᠡ ᠠᠶᠤᠯ ᠦᠭᠡᠢ ᠪᠠᠶᠢᠳᠠᠯ ᠤᠨ ᠰᠲ᠋ᠠᠨᠳᠠᠷᠲ ᠢ ᠬᠡᠷᠡᠭᠵᠢᠭᠦᠯᠦᠭᠰᠡᠨ ᠢᠶᠡᠷ ᠥᠨᠳᠥᠷ ᠬᠦᠭᠵᠢᠯ ᠲᠠᠢ ᠠᠮᠧᠷᠢᠺᠠ᠂ ᠧᠦ᠋ᠷᠣᠫᠠ ᠶᠢᠨ ᠵᠠᠬ᠎ᠠ ᠵᠡᠭᠡᠯᠢ ᠳᠦ  ᠪᠠᠷᠠᠭ᠎ᠠ ᠪᠦᠲᠦᠭᠡᠭᠳᠡᠬᠦᠨ ᠢᠶᠡᠨ ᠬᠤᠳᠠᠯᠳᠤᠭᠠᠯᠠᠬᠤ ᠪᠣᠯᠤᠮᠵᠢ ᠪᠥᠷᠢᠳᠦᠨ᠎ᠡ᠃ ᠮᠣᠩᠭᠣᠯ ᠤᠨ ᠢᠲᠡᠭᠡᠮᠵᠢᠯᠡᠯ ᠦᠨ ᠪᠠᠶᠢᠭᠤᠯᠤᠯᠭ᠎ᠠ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠬᠡᠯᠡᠯᠴᠡᠭᠡᠷ ᠲᠦ ᠰᠣᠷᠢᠯᠲᠠ᠂ ᠪᠠᠲᠤᠯᠠᠭᠠᠵᠢᠭᠤᠯᠤᠯᠲᠠ᠂ ᠲᠧᠭᠨᠢᠭ ᠦᠨ ᠬᠢᠨᠠᠯᠲᠠ ᠭᠡᠰᠡᠨ ᠬᠡᠳᠦ᠂ ᠬᠡᠳᠦᠨ ᠴᠢᠭᠯᠡᠯ ᠢᠶᠡᠷ ᠨᠢᠭᠡᠳᠦᠭᠰᠡᠨ ᠨᠢ ᠴᠢᠨᠠᠭᠰᠢᠳᠠ ᠬᠥᠭᠵᠢᠵᠦ ᠳᠡᠪᠰᠢᠬᠦ ᠪᠣᠯᠤᠮᠵᠢ ᠶᠢ ᠨᠡᠭᠡᠭᠡᠭᠰᠡᠨ ᠭᠡᠯ᠎ᠡ ᠃ ᠮᠣᠩᠭᠣᠯ ᠤᠯᠤᠰ ᠲᠤ 240 ᠭᠠᠷᠤᠢ ᠯᠠᠪᠤᠷᠠᠲ᠋ᠣᠷᠢ ᠦᠢᠯᠡ ᠠᠵᠢᠯᠯᠠᠭ᠎ᠠ ᠶᠠᠪᠤᠭᠤᠯᠵᠤ ᠪᠤᠢ ᠪᠥᠭᠡᠳ ᠡᠭᠦᠨ ᠦ 30 ᠬᠤᠪᠢ ᠨᠢ ᠲᠥᠷᠥ᠂ ᠦᠯᠡᠳᠡᠭᠰᠡᠨ ᠨᠢ  ᠬᠤᠪᠢ ᠶᠢᠨ ᠬᠡᠪᠰᠢᠯ ᠦᠨ ᠬᠢ ᠠᠵᠤ᠃
ᠪ∙ᠶᠠᠩᠵᠢᠨᠳᠤᠯᠮ᠎ᠠ

ᠰᠡᠳᠬᠢᠭᠳᠡᠯ ᠦᠯᠡᠳᠡᠭᠡᠬᠦ

5 ᠰᠡᠳᠬᠢᠭᠳᠡᠯ

Avatar

keonhacai 2018-10-12 107.172.67.222

I am sure this article has touched all the internet users, its really really nice paragraph on building up new website. http://keo365.com/the-thao

Avatar

present progressive games esl 2018-10-12 181.55.149.31

A little more insight is want for one to master it.
1 the best casino games frequently played online is ‘Craps’.
You can always returning to play later or on yet another
day. http://2ch.io/images.google.ga%2Furl%3Fq%3Dhttp%3A%2F%2F918kiss.bid%2Fgames%2Flpe888/2013/07/blog-post.html

Avatar

188bet 2018-10-12 107.172.67.228

If some one needs expert view on the topic of running
a blog after that i suggest him/her to go to see this weblog, Keep up the
nice job. http://Www.Peterblum.com/releasenotes.aspx?returnurl=http://www.mbet88vn.com

Avatar

link 188bet 2018-10-12 23.231.96.152

What’s up, I wish for to subscribe for this blog to
obtain most recent updates, therefore where can i do
it please help. http://uztor.ru/go.php?url=http://www.mbet88vn.com

Avatar

tzpo72.ru 2018-10-12 185.143.228.204

When someone writes an piece of writing he/she keeps the thought of a
user in his/her brain that how a user can know
it. So that’s why this paragraph is amazing. Thanks! http://tzpo72.ru/?option=com_k2&view=itemlist&task=user&id=551604