ᠳᠥᠷᠪᠡᠨ ᠰᠤᠷᠭᠠᠭᠤᠯᠢ ᠶᠢᠨ ᠬᠢᠨ ᠤᠬᠠᠭᠠᠯᠢᠭ ᠤᠲᠠᠰᠤ ᠬᠡᠷᠡᠭᠯᠡᠬᠦ ᠦᠭᠡᠢ | News.MN

ᠳᠥᠷᠪᠡᠨ ᠰᠤᠷᠭᠠᠭᠤᠯᠢ ᠶᠢᠨ ᠬᠢᠨ ᠤᠬᠠᠭᠠᠯᠢᠭ ᠤᠲᠠᠰᠤ ᠬᠡᠷᠡᠭᠯᠡᠬᠦ ᠦᠭᠡᠢ

ᠤᠬᠠᠭᠠᠯᠢᠭ ᠤᠲᠠᠰᠤ ᠠᠰᠢᠭᠯᠠᠬᠤ ᠶᠢ ᠡᠨᠡ ᠰᠠᠷ᠎ᠠ ᠶᠢᠨ 1 ᠍ ᠡᠴᠡ ᠰᠤᠷᠭᠠᠭᠤᠯᠢ ᠶᠢᠨ ᠤᠷᠴᠢᠨ ᠳᠤ ᠬᠣᠷᠢᠭᠯᠠᠭᠰᠠᠨ ᠵᠠᠰᠠᠭ ᠤᠨ ᠭᠠᠵᠠᠷ ᠤᠨ ᠰᠢᠢᠳᠪᠦᠷᠢ ᠶᠢᠨ ᠳᠠᠭᠠᠤ ᠣᠷᠬᠣᠨ ᠠᠶᠢᠮᠠᠭ ᠤᠨ ᠪᠠᠶᠠᠨ-ᠥᠨᠳᠥᠷ ᠰᠤᠮᠤ ᠶᠢᠨ ᠬᠦᠷᠡᠩᠪᠤᠯᠠᠭ ᠪᠠᠭ ᠤᠨ ᠵᠠᠰᠠᠭ ᠳᠠᠷᠤᠭ᠎ᠠ ᠶᠢᠨ ᠠᠵᠢᠯ ᠤᠨ ᠠᠯᠪᠠ ︽ᠤᠬᠠᠭᠠᠯᠢᠭ ᠤᠲᠠᠰᠤ ᠦᠭᠡᠢ ᠬᠢᠴᠢᠶᠡᠯ ᠦᠨ ᠵᠢᠯ︾ ᠠᠶᠠᠨ ᠥᠷᠨᠢᠭᠦᠯᠵᠦ ᠡᠬᠢᠯᠡᠯ᠎ᠡ᠃ ᠤᠭ ᠠᠶᠠᠨ ᠢ ᠡᠨᠡ ᠰᠠᠷ᠎ᠠ ᠶᠢᠨ ᠲᠠᠪᠤᠨ ᠠᠴᠠ ᠡᠬᠢᠯᠡᠭᠦᠯᠦᠭᠰᠡᠨ ᠶᠤᠮ᠃ ᠠᠶᠠᠨ ᠤ ᠬᠦᠷᠢᠶᠡᠨ ᠳᠦ ᠬᠦᠷᠡᠩᠪᠤᠯᠠᠭ ᠪᠠᠭ ᠤᠨ ᠵᠠᠰᠠᠭ ᠳᠠᠷᠤᠭ᠎ᠠ ᠶᠢᠨ ᠵᠠᠬᠢᠷᠤᠮᠵᠢ ᠪᠠᠷ ᠪᠠᠲᠤᠯᠠᠭᠳᠠᠭᠰᠠᠨ ᠤᠳᠤᠷᠢᠳᠤᠮᠵᠢ ᠶᠢ ᠳᠡᠭᠡᠷᠡᠬᠢ ᠰᠤᠷᠭᠠᠭᠤᠯᠢ ᠨᠤᠭᠤᠳ ᠲᠤ ᠬᠦᠷᠭᠡᠵᠦ ᠤᠬᠠᠭᠠᠯᠢᠭ ᠭᠠᠷ ᠤᠲᠠᠰᠤ᠂ ᠲᠥᠬᠥᠭᠡᠷᠦᠮᠵᠢ ᠶᠢᠨ ᠰᠥᠷᠭᠦ ᠨᠥᠯᠥᠭᠡ᠂᠂ ᠭᠠᠷ ᠤᠲᠠᠰᠤᠨ ᠤ ᠵᠣᠬᠢᠰᠲᠠᠢ ᠬᠡᠷᠡᠭᠯᠡᠭᠡ ᠶᠢ ᠣᠶᠢᠯᠠᠭᠠᠭᠤᠯᠬᠤ᠂ ᠲᠠᠨᠢᠨ ᠮᠡᠳᠡᠬᠦᠢ᠂ ᠨᠥᠯᠥᠭᠡᠯᠡᠯ ᠦᠨ ᠠᠵᠢᠯ ᠢ ᠳᠡᠭᠡᠷᠡᠬᠢ ᠰᠤᠷᠭᠠᠭᠤᠯᠢ ᠲᠣᠭᠲᠠᠮᠠᠯ ᠵᠣᠬᠢᠶᠠᠨ ᠪᠠᠶᠢᠭᠤᠯᠬᠤ ᠪᠠᠷ ᠪᠣᠯᠵᠠᠢ ᠃ ᠬᠦᠷᠡᠩᠪᠤᠯᠠᠭ ᠪᠠᠭ ᠲᠤ ᠶᠡᠷᠦᠩᠬᠡᠢ ᠪᠣᠯᠪᠠᠰᠤᠷᠠᠯ ᠤᠨ ᠳᠥᠷᠪᠡᠨ ᠰᠤᠷᠭᠠᠭᠤᠯᠢ ᠪᠠᠶᠢᠳᠠᠭ ᠪᠥᠭᠡᠳ ᠡᠭᠦᠨ ᠡᠴᠡ 4᠂ 13 ᠳ᠋ᠤᠭᠠᠷ ᠰᠤᠷᠭᠠᠭᠤᠯᠢ ᠨᠢ ᠤᠯᠤᠰ ᠤᠨ ᠬᠢ᠂ ᠦᠯᠡᠳᠡᠭᠰᠡᠨ ᠬᠣᠶᠠᠷ ᠨᠢ ᠬᠤᠪᠢ ᠶᠢᠨ ᠬᠢ ᠶᠤᠮ᠃

ᠰᠡᠳᠬᠢᠭᠳᠡᠯ ᠦᠯᠡᠳᠡᠭᠡᠬᠦ