ᠰ∙ᠵᠣᠷᠢᠭ ᠠᠭᠰᠠᠨ ᠤ ᠬᠡᠷᠡᠭ ᠢ ᠨᠢᠭᠲᠠᠯᠠᠬᠤ ᠲᠦᠷ ᠬᠣᠷᠢᠶ᠎ᠠ ᠪᠠᠶᠢᠭᠤᠯᠤᠨ᠎ᠠ | News.MN

ᠰ∙ᠵᠣᠷᠢᠭ ᠠᠭᠰᠠᠨ ᠤ ᠬᠡᠷᠡᠭ ᠢ ᠨᠢᠭᠲᠠᠯᠠᠬᠤ ᠲᠦᠷ ᠬᠣᠷᠢᠶ᠎ᠠ ᠪᠠᠶᠢᠭᠤᠯᠤᠨ᠎ᠠ

ᠣᠯᠠᠨ ᠤᠯᠤᠰ ᠤᠨ  ᠫᠠᠷᠯᠠᠮᠸᠨᠲ ᠤᠨ ᠬᠣᠯᠪᠣᠭᠠᠨ ᠤ ᠬᠤᠷᠠᠯ ᠢᠶᠠᠷ ᠰ∙ᠵᠣᠷᠢᠭ ᠠᠭᠰᠠᠨ ᠤ ᠬᠡᠷᠡᠭ ᠢ ᠬᠡᠯᠡᠯᠴᠡᠭᠡᠳ ᠳᠠᠬᠢᠨ ᠨᠢᠭᠲᠠᠯᠠᠵᠤ᠂ ᠰᠢᠯᠭᠠᠬᠤ ᠶᠢ ᠬᠦᠰᠡᠭᠰᠡᠨ ᠠᠯᠪᠠᠨ ᠪᠢᠴᠢᠭ ᠢ ᠮᠠᠨ ᠤ ᠤᠯᠤᠰ ᠤᠷᠤᠭᠤ ᠶᠠᠪᠤᠭᠤᠯᠤᠭᠰᠠᠨ ᠪᠠᠶᠢᠳᠠᠭ᠃ ᠬᠡᠷᠡᠭ ᠢ ᠢᠯᠡᠷᠡᠭᠦᠯᠵᠦ᠂  ᠪᠤᠷᠤᠭᠤ ᠲᠠᠢ ᠭᠡᠬᠦ ᠬᠦᠮᠦᠰ ᠲᠦ ᠶᠠᠯ᠎ᠠ ᠣᠨᠣᠭᠠᠭᠰᠠᠨ ᠴᠤ ᠬᠡᠨ ᠨᠢᠭᠡᠨ ᠢ ᠬᠡᠯᠮᠡᠭᠳᠡᠭᠦᠯᠵᠦ᠂ ᠬᠦᠮᠦᠨ ᠦ ᠡᠷᠬᠡ ᠶᠢ ᠵᠥᠷᠢᠴᠡᠭᠰᠡᠨ ᠪᠠᠶᠢᠬᠤ ᠴᠢᠨᠠᠭᠰᠢᠯᠠᠭᠠᠳ ᠬᠡᠷᠡᠭᠲᠡᠨ ᠢ ᠰᠢᠭᠦᠨ ᠲᠠᠰᠤᠯᠬᠤ ᠫᠷᠣᠼᠧᠰ ᠨᠢ ᠬᠠᠤᠯᠢ ᠵᠥᠷᠢᠴᠡᠭᠰᠡᠨ ᠪᠠᠶᠢᠬᠤ ᠮᠠᠭᠠᠳᠯᠠᠯ ᠲᠠᠢ ᠵᠡᠷᠭᠡ ᠠᠰᠠᠭᠤᠳᠠᠯ ᠬᠥᠨᠳᠡᠭᠳᠡᠵᠦ ᠪᠤᠢ᠃ ᠡᠨᠡ ᠮᠡᠲᠦ ᠰ∙ᠵᠣᠷᠢᠭ ᠠᠭᠰᠠᠨ ᠤ ᠬᠡᠷᠡᠭ ᠦᠨ ᠪᠤᠷᠤᠭᠤᠲᠠᠨ ᠨᠤᠭᠤᠳ ᠢ ᠢᠯᠡᠷᠡᠭᠦᠯᠵᠦ᠂ ᠶᠠᠯᠠᠯᠠᠭᠰᠠᠨ ᠦᠢᠯᠡ ᠠᠵᠢᠯᠯᠠᠭ᠎ᠠ ᠨᠢ ᠠᠷᠤ ᠠᠴᠠ ᠪᠠᠨ ᠣᠯᠠᠨ ᠡᠷᠡᠭᠡᠯᠵᠡᠭᠡ ᠶᠢ ᠳᠠᠭᠠᠭᠤᠯᠵᠤ ᠪᠤᠢ ᠤᠴᠢᠷ ᠣᠯᠠᠨ ᠤᠯᠤᠰ ᠤᠨ ᠫᠠᠷᠯᠠᠮᠸᠨᠲ  ᠤᠨ ᠬᠣᠯᠪᠣᠭᠠᠨ ᠠᠴᠠ ᠪᠣᠳᠠᠲᠤ ᠮᠡᠳᠡᠭᠡᠯᠡᠯ ᠢ ᠥᠭᠬᠦ ᠶᠢ ᠬᠦᠰᠡᠭᠰᠡᠨ ᠭᠡᠳᠡᠭ᠃ ᠡᠨᠡ ᠳᠠᠭᠠᠤ ᠤᠯᠤᠰ ᠤᠨ ᠶᠡᠬᠡ ᠬᠤᠷᠠᠯ ᠶᠢᠨ ᠭᠡᠰᠢᠭᠦᠨ ᠬ∙ᠨᠢᠮᠪᠠᠭᠠᠲᠤᠷ ᠢᠶᠠᠷ ᠠᠬᠠᠯᠠᠭᠤᠯᠤᠭᠰᠠᠨ ᠤᠯᠤᠰ ᠤᠨ ᠶᠡᠬᠡ ᠬᠤᠷᠠᠯ ᠤᠨ ᠠᠵᠢᠯ ᠤᠨ ᠬᠡᠰᠡᠭ ᠪᠠᠶᠢᠭᠤᠯᠤᠭᠳᠠᠵᠤ ᠠᠵᠢᠯᠯᠠᠵᠤ ᠡᠬᠢᠯᠡᠭᠰᠡᠨ᠃ ᠲᠡᠳᠡ ᠬᠡᠷᠬᠢᠨ ᠠᠵᠢᠯᠯᠠᠵᠤ ᠪᠠᠶᠢᠭ᠎ᠠ ᠲᠠᠯ᠎ᠠ ᠪᠠᠷ ᠠᠵᠢᠯ ᠤᠨ ᠬᠡᠰᠡᠭ ᠦᠨ ᠭᠡᠰᠢᠭᠦᠨ᠂ ᠤᠯᠤᠰ ᠤᠨ ᠶᠡᠬᠡ ᠬᠤᠷᠠᠯ ᠤᠨ ᠭᠡᠰᠢᠭᠦᠨ ᠯ∙ᠪᠣᠯᠣᠳ ᠠᠴᠠ ᠲᠣᠳᠣᠷᠠᠭᠤᠯᠤᠯ᠎ᠠ᠃
-ᠰ∙ᠵᠣᠷᠢᠭ ᠠᠭᠰᠠᠨ ᠤ ᠬᠡᠷᠡᠭ ᠢ ᠳᠠᠬᠢᠨ ᠨᠢᠭᠲᠠᠯᠠᠬᠤ ᠠᠵᠢᠯ ᠬᠢᠷᠢ ᠶᠠᠪᠤᠭᠳᠠᠵᠤ ᠪᠠᠶᠢᠨ᠎ᠠ ᠪᠤᠢ ︖
-ᠣᠯᠠᠨ ᠤᠯᠤᠰ ᠤᠨ ᠫᠠᠷᠯᠠᠮᠸᠨᠲ  ᠤᠨ ᠬᠣᠯᠪᠣᠭᠠᠨ ᠠᠴᠠ ᠢᠷᠡᠭᠰᠡᠨ ᠬᠦᠰᠡᠯᠲᠡ ᠶᠢᠨ ᠳᠠᠭᠠᠤ ᠰᠠᠨᠠᠯ ᠳ᠋ᠦᠩᠨᠡᠯᠲᠡ ᠭᠠᠷᠭᠠᠬᠤ ᠠᠵᠢᠯ ᠤᠨ ᠬᠡᠰᠡᠭ ᠢ ᠬ∙ᠨᠢᠮᠪᠠᠭᠠᠲᠤᠷ ᠭᠡᠰᠢᠭᠦᠨ ᠢᠶᠡᠷ ᠠᠬᠠᠯᠠᠭᠤᠯᠤᠨ ᠪᠠᠶᠢᠭᠤᠯᠤᠭᠰᠠᠨ᠃ ᠪᠢᠳᠡ ᠬᠣᠯᠪᠣᠭᠳᠠᠬᠤ ᠬᠦᠮᠦᠰ ᠲᠡᠢ ᠨᠢ ᠠᠭᠤᠯᠵᠠᠭᠠᠳ ᠭᠤᠷᠪᠠᠨ ᠰᠠᠨᠠᠯ  ᠭᠠᠷᠭᠠᠵᠤ ᠤᠯᠤᠰ ᠤᠨ ᠶᠡᠬᠡ ᠬᠤᠷᠠᠯ ᠳᠦ ᠬᠦᠷᠭᠡᠭᠦᠯᠦᠭᠡᠳ ᠪᠠᠶᠢᠨ᠎ᠠ᠃ ᠭᠠᠷᠭᠠᠭᠰᠠᠨ ᠰᠠᠨᠠᠯ ᠤᠨ ᠳᠠᠭᠠᠤ ᠳᠠᠷᠠᠭ᠎ᠠ ᠶᠢᠨ ᠠᠯᠬᠤᠮ ᠤᠳ ᠬᠢᠭᠳᠡᠵᠦ ᠪᠠᠶᠢᠨ᠎ᠠ᠃
– ᠭᠠᠷᠭᠠᠭᠰᠠᠨ ᠰᠠᠨᠠᠯ ᠤᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠥᠭᠪᠡᠯ ︖
-ᠰ∙ᠵᠣᠷᠢᠭ ᠠᠭᠰᠠᠨ ᠤ ᠬᠡᠷᠡᠭ ᠦᠨ ᠮᠠᠲ᠋ᠧᠷᠢᠶᠠᠯ ᠢ ᠨᠢᠭᠤᠴᠠ ᠠᠴᠠ ᠭᠠᠷᠭᠠᠭᠰᠠᠨ ᠭᠡᠬᠦ ᠪᠣᠯᠪᠠᠴᠤ ᠵᠠᠷᠢᠮ ᠬᠡᠰᠡᠭ ᠢ ᠨᠢ ᠨᠢᠭᠤᠵᠤ ᠪᠠᠶᠢᠭ᠎ᠠ᠃ ᠨᠢᠭᠤᠴᠠᠯᠠᠵᠤ ᠪᠤᠢ ᠵᠠᠷᠢᠮ ᠮᠠᠲ᠋ᠧᠷᠢᠶᠠᠯ ᠢ ᠦᠵᠡᠵᠦ ᠪᠣᠯᠬᠤ ᠦᠭᠡᠢ ᠪᠠᠶᠢᠨ᠎ᠠ᠃ ᠲᠡᠷᠡ ᠨᠢᠭᠤᠴᠠ ᠮᠠᠲ᠋ᠧᠷᠢᠶᠠᠯ ᠢ ᠦᠵᠡᠬᠦ ᠡᠷᠬᠡ ᠨᠢ ᠲᠤᠰᠬᠠᠢ ᠬᠢᠨᠠᠯᠲᠠ ᠶᠢᠨ ᠬᠤᠷᠢᠶᠠᠨ ᠳᠤ ᠪᠤᠢ᠃ ᠪᠢᠳᠡ ᠰᠠᠨᠠᠯ ᠳ᠋ᠦᠩᠨᠡᠯᠲᠡ ᠪᠡᠨ ᠲᠤᠰ ᠬᠣᠷᠢᠶ᠎ᠠ ᠤᠷᠤᠭᠤ ᠶᠠᠪᠤᠭᠤᠯᠵᠤ ᠬᠠᠤᠯᠢ ᠵᠥᠷᠢᠴᠡᠭᠳᠡᠭᠰᠡᠨ ᠵᠦᠢᠯ ᠪᠠᠶᠢᠭ᠎ᠠ ᠡᠰᠡᠬᠦ ᠶᠢ ᠨᠢᠭᠲᠠᠯᠠᠵᠤ ᠦᠵᠡᠭᠡᠳ ᠬᠠᠷᠢᠭᠤ ᠢᠷᠡᠭᠦᠯᠬᠦ ᠶᠢ ᠬᠦᠰᠡᠭᠰᠡᠨ᠃ ᠪᠢᠳᠡ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠡᠨᠡ ᠠᠰᠠᠭᠤᠳᠠᠯ ᠢ ᠬᠡᠯᠡᠯᠴᠡᠵᠦ ᠶᠡᠷᠦᠩᠬᠡᠢ ᠫᠷᠣᠺᠦ᠋ᠷᠣᠷ ᠤᠨ ᠮᠡᠳᠡᠭᠡᠯᠡᠯ ᠢ ᠰᠤᠨᠤᠰᠬᠤ ᠶᠣᠰᠣᠲᠠᠢ ᠭᠡᠵᠦ ᠦᠵᠡᠵᠦ ᠪᠠᠶᠢᠭ᠎ᠠ᠃ ᠢᠷᠡᠬᠦ ᠳᠣᠯᠣᠭ᠎ᠠ ᠬᠣᠨᠣᠭ ᠲᠤ ᠤᠯᠤᠰ ᠤᠨ ᠶᠡᠬᠡ ᠬᠤᠷᠠᠯ ᠠᠴᠠ ᠣᠨᠴᠠᠭᠠᠢ ᠪᠦᠷᠢᠨ ᠡᠷᠬᠡ ᠲᠡᠢ ᠲᠦᠷ ᠬᠣᠷᠢᠶ᠎ᠠ ᠶᠢ ᠪᠠᠶᠢᠭᠤᠯᠤᠨ᠎ᠠ᠃ ᠲᠤᠰᠬᠠᠢ ᠬᠢᠨᠠᠯᠲᠠ ᠶᠢᠨ ᠳᠡᠳ᠋ ᠬᠣᠷᠢᠶ᠎ᠠ ᠨᠢᠭᠤᠴᠠ ᠶᠢᠨ ᠬᠣᠯᠪᠣᠭᠳᠠᠯ ᠲᠠᠢ ᠠᠰᠠᠭᠤᠳᠠᠯ ᠳᠤ ᠳ᠋ᠦᠩᠨᠡᠯᠲᠡ ᠪᠡᠨ ᠭᠠᠷᠭᠠᠭᠰᠠᠨ ᠤ ᠳᠠᠷᠠᠭ᠎ᠠ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠶᠡᠷᠦᠩᠬᠡᠢ ᠫᠷᠣᠺᠦ᠋ᠷᠣᠷ ᠤᠨ ᠮᠡᠳᠡᠭᠡᠯᠡᠯ ᠢ ᠰᠤᠨᠤᠰᠬᠤ ᠶᠤᠮ᠃
-ᠶᠡᠷᠦᠩᠬᠡᠢ ᠫᠷᠣᠺᠦ᠋ᠷᠣᠷ ᠦᠨ ᠮᠡᠳᠡᠭᠡᠯᠡᠯ ᠢ ᠰᠣᠨᠣᠰᠤᠭᠰᠠᠨ ᠤ ᠳᠠᠷᠠᠭ᠎ᠠ ᠶᠠᠮᠠᠷ ᠠᠵᠢᠯ ᠬᠢᠬᠦ ᠪᠤᠢ ︖
-ᠤᠭ ᠬᠡᠷᠡᠭ ᠲᠦ ᠪᠤᠷᠤᠭᠤᠳᠬᠠᠭᠳᠠᠨ ᠰᠢᠯᠭᠠᠭᠳᠠᠵᠤ ᠪᠤᠢ ᠬᠦᠮᠦᠰ ᠨᠢ ︽ᠪᠢᠳᠡ ᠡᠨᠡ ᠬᠡᠷᠡᠭ ᠢ ᠦᠢᠯᠡᠳᠦᠭᠡ ᠦᠭᠡᠢ᠃ ᠬᠠᠤᠯᠢ ᠪᠤᠰᠤ ᠪᠠᠷ ᠬᠡᠷᠡᠭ ᠬᠦᠯᠢᠶᠡᠯᠭᠡᠯ᠎ᠡ ︾ ᠭᠡᠰᠡᠨ᠃ ᠬᠠᠷᠢᠨ ᠪ∙ᠪᠤᠯᠠᠭᠠᠨ ᠪᠤᠷᠤᠭᠤᠳᠬᠠᠭᠳᠠᠭᠰᠠᠨ ᠬᠦᠮᠦᠰ ᠢ ᠬᠠᠷᠠᠭ᠎ᠠ ᠦᠭᠡᠢ ᠭᠡᠵᠦ ᠬᠡᠯᠡᠵᠦ ᠪᠠᠶᠢᠭ᠎ᠠ᠃ ᠬᠡᠷᠡᠭ ᠬᠦᠯᠢᠶᠡᠯᠭᠡᠬᠦ ᠳᠦ ᠪᠡᠨ ᠬᠠᠤᠯᠢ ᠵᠥᠷᠢᠴᠡᠭᠰᠡᠨ ᠦᠦ ᠭᠡᠳᠡᠭ ᠠᠰᠠᠭᠤᠳᠠᠯ ᠢᠶᠠᠷ ᠣᠯᠠᠨ ᠡᠷᠡᠭᠡᠯᠵᠡᠭᠡ ᠪᠠᠶᠢᠭ᠎ᠠ᠃ ᠬᠡᠷᠪᠡ ᠬᠦᠮᠦᠨ ᠦ ᠡᠷᠬᠡ᠂ ᠬᠠᠤᠯᠢ ᠵᠥᠷᠢᠴᠡᠭᠡ ᠦᠭᠡᠢ ᠨᠢ ᠲᠣᠭᠲᠠᠭᠠᠭᠳᠠᠪᠠᠯ ᠰ∙ᠵᠣᠷᠢᠭ ᠠᠭᠰᠠᠨ ᠤ ᠬᠡᠷᠡᠭ ᠢ ᠳᠠᠬᠢᠨ ᠨᠢᠭᠲᠠᠯᠠᠬᠤ ᠠᠵᠢᠯ ᠳᠠᠭᠤᠰᠤᠨ᠎ᠠ᠃ ᠬᠡᠷᠪᠡ ᠡᠰᠡᠷᠭᠦ ᠪᠡᠷ ᠢᠶᠡᠨ ᠪᠠᠶᠢᠪᠠᠯ ᠬᠠᠤᠯᠢ ᠶᠢᠨ ᠳᠠᠭᠠᠤ ᠳᠠᠷᠠᠭ᠎ᠠ ᠶᠢᠨ ᠠᠷᠭ᠎ᠠ ᠬᠡᠮᠵᠢᠶ᠎ᠡ ᠶᠢ ᠠᠪᠤᠨ᠎ᠠ᠃

ᠰᠡᠳᠬᠢᠭᠳᠡᠯ ᠦᠯᠡᠳᠡᠭᠡᠬᠦ