ᠥ᠊∙ᠡᠩᠬᠡᠲᠦ᠋ᠪᠰᠢᠨ SCO ᠤᠨ ᠬᠤᠷᠠᠯ ᠳᠤ ᠤᠷᠤᠯᠴᠠᠪᠠ | News.MN

ᠥ᠊∙ᠡᠩᠬᠡᠲᠦ᠋ᠪᠰᠢᠨ SCO ᠤᠨ ᠬᠤᠷᠠᠯ ᠳᠤ ᠤᠷᠤᠯᠴᠠᠪᠠ

ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ ᠲᠡᠷᠢᠭᠦᠲᠡᠢ ᠲᠥᠯᠥᠭᠡᠯᠡᠭᠴᠢᠳ ᠪᠦᠭᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠳ᠋ᠤᠱᠠᠩᠪᠸ ᠬᠤᠲᠠᠨ᠎ᠠ 2018 ᠣᠨ ᠤ 10 ᠳ᠋ᠤᠭᠠᠷ ᠰᠠᠷ᠎ᠠ ᠶᠢᠨ 11-12 ᠍ ᠳᠤ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠵᠠᠰᠠᠭ ᠤᠨ ᠭᠠᠵᠠᠷ ᠤᠨ ᠲᠡᠷᠢᠭᠦᠨ ᠨᠠᠷ ᠤᠨ ᠵᠥᠪᠯᠡᠯ ᠦᠨ 17 ᠳ᠋ᠤᠭᠠᠷ ᠬᠤᠷᠠᠯᠳᠤᠭᠠᠨ ᠳᠤ ᠤᠷᠤᠯᠴᠠᠪᠠ᠃ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢ ᠲᠥᠪ ᠠᠽᠢᠶ᠎ᠠ ᠶᠢᠨ ᠣᠯᠠᠨ ᠲᠠᠯᠠᠲᠤ ᠬᠠᠮᠲᠤ ᠶᠢᠨ ᠠᠵᠢᠯᠯᠠᠭᠠᠨ ᠳᠤ ᠤᠷᠤᠯᠴᠠᠬᠤ ᠴᠢᠬᠤᠯᠠ ᠰᠤᠪᠠᠭ ᠬᠡᠮᠡᠨ ᠦᠵᠡᠵᠦ 2004 ᠣᠨ ᠳᠤ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠳᠦ ᠠᠵᠢᠭᠯᠠᠭᠴᠢ ᠰᠲ᠋ᠠᠲ᠋ᠦ᠋ᠰ ᠲᠠᠢ ᠠᠩᠬᠠᠨ ᠤ ᠣᠷᠣᠨ ᠪᠣᠯᠤᠭᠰᠠᠨ ᠠᠴᠠ ᠬᠣᠶᠢᠰᠢ ᠮᠣᠩᠭᠣᠯ ᠤᠯᠤᠰ ᠤᠭ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠢᠳᠡᠪᠬᠢᠲᠡᠢ ᠤᠷᠤᠯᠴᠠᠬᠤ ᠪᠣᠳᠣᠯᠭ᠎ᠠ ᠪᠠᠷᠢᠮᠲᠠᠯᠠᠵᠤ ᠢᠷᠡᠭᠰᠡᠨ ᠃ ᠮᠣᠩᠭᠣᠯ ᠤᠯᠤᠰ ᠲᠤᠰ ᠪᠠᠶᠢᠭᠤᠯᠤᠯᠭ᠎ᠠ ᠶᠢᠨ ᠬᠦᠷᠢᠶᠡᠨ ᠳᠦ ᠡᠷᠴᠢᠮ ᠬᠦᠴᠦ᠂ ᠳᠡᠳ᠋ ᠪᠦᠲᠦᠴᠡ᠂ ᠳᠠᠮᠵᠢᠨ ᠥᠩᠭᠡᠷᠡᠬᠦ ᠲᠡᠭᠡᠭᠡᠪᠦᠷᠢ᠂ ᠬᠥᠳᠡᠭᠡ ᠠᠵᠤ ᠠᠬᠤᠢ ᠪᠣᠯᠤᠨ ᠡᠳ᠋ ᠍ ᠦᠨ ᠵᠠᠰᠠᠭ ᠤᠨ ᠪᠤᠰᠤᠳ ᠰᠠᠯᠪᠤᠷᠢ ᠶᠢᠨ ᠬᠠᠮᠲᠤ ᠶᠢᠨ ᠠᠵᠢᠯᠯᠠᠭᠠᠨ ᠳᠤ ᠢᠳᠡᠪᠬᠢᠲᠡᠢ ᠣᠷᠣᠯᠴᠠᠬᠤ ᠶᠢ ᠵᠣᠷᠢᠵᠤ ᠢᠷᠡᠭᠰᠡᠨ᠃ ᠲᠡᠭᠦᠨᠴᠢᠯᠡᠨ ᠬᠦᠮᠦᠯᠢᠭ ᠦᠨ ᠬᠠᠮᠲᠤ ᠶᠢᠨ ᠠᠵᠢᠯᠯᠠᠭ᠎ᠠ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠡᠷᠡᠭᠦᠯ ᠮᠡᠨᠳᠦ᠂ ᠪᠠᠶᠢᠭᠠᠯᠢ ᠣᠷᠴᠢᠨ᠂ ᠣᠨᠴᠠᠭᠠᠢ ᠪᠠᠶᠢᠳᠠᠯ ᠤᠨ ᠮᠧᠨᠧᠵᠮᠧᠨᠲ ᠪᠣᠯᠤᠨ ᠲᠧᠷᠷᠣᠷᠢᠰᠮ᠂ ᠮᠠᠩᠰᠢᠭᠤᠷᠠᠭᠤᠯᠬᠤ ᠪᠣᠳᠠᠰ ᠤᠨ ᠬᠠᠤᠯᠢ ᠪᠤᠰᠤ ᠮᠠᠶᠢᠮᠠᠢ ᠲᠠᠢ ᠲᠡᠮᠡᠴᠡᠬᠦ ᠵᠡᠷᠭᠡ ᠪᠤᠰᠤᠳ ᠰᠠᠯᠪᠤᠷᠢ ᠳᠤ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠲᠡᠢ ᠪᠠᠶᠢᠳᠠᠭ ᠃

ᠥ᠊∙ᠡᠩᠬᠡᠲᠦ᠋ᠪᠰᠢᠨ ᠡᠨᠡ ᠤᠳᠠᠭ᠎ᠠ ᠶᠢᠨ ᠬᠤᠷᠠᠯᠳᠤᠭᠠᠨ ᠳᠤ ᠬᠡᠯᠡᠭᠰᠡᠨ ᠦᠭᠡᠨ ᠳᠦ ᠪᠡᠨ ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ  ᠶᠢᠨ ᠦᠢᠯᠡ ᠠᠵᠢᠯᠯᠠᠭᠠᠨ ᠤ ᠴᠠᠷ ᠬᠦᠷᠢᠶ᠎ᠡ ᠲᠡᠯᠡᠵᠦ᠂ ᠪᠥᠰᠡ ᠨᠤᠲᠤᠭ ᠤᠨ ᠡᠩᠬᠡ ᠲᠠᠶᠢᠪᠤᠩ᠂ ᠲᠣᠭᠲᠠᠪᠤᠷᠢᠲᠠᠢ ᠪᠠᠶᠢᠳᠠᠯ᠂ ᠪᠦᠬᠦ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠳᠦ ᠬᠤᠪᠢ ᠨᠡᠮᠡᠷᠢ ᠪᠡᠨ ᠣᠷᠣᠭᠤᠯᠵᠤ᠂ ᠳᠡᠯᠡᠬᠡᠢ ᠳ᠋ᠠᠬᠢᠨ ᠳᠤ ᠨᠡᠷ᠎ᠡ ᠬᠦᠨᠳᠦ᠂ ᠨᠥᠯᠥᠭᠡ ᠨᠢ ᠦᠰᠴᠦ ᠪᠤᠢ ᠳᠤ ᠮᠠᠨ ᠤ ᠤᠯᠤᠰ ᠪᠠᠶᠠᠷ ᠲᠠᠢ ᠪᠠᠶᠢᠭ᠎ᠠ ᠶᠢ ᠢᠯᠡᠷᠬᠡᠶᠢᠯᠡᠭᠡᠳ ᠬᠠᠮᠲᠤᠷᠠᠨ ᠠᠵᠢᠯᠯᠠᠬᠤ ᠲᠠᠯ᠎ᠠ ᠪᠠᠷ ᠮᠠᠨ ᠤ ᠤᠯᠤᠰ ᠤᠨ ᠪᠠᠶᠢᠷᠢ ᠰᠠᠭᠤᠷᠢ᠂ ᠵᠣᠷᠢᠯᠲᠠ ᠨᠤᠭᠤᠳ ᠢ ᠲᠠᠨᠢᠯᠴᠠᠭᠤᠯᠪᠠ᠃

ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠬᠦᠷᠢᠶᠡᠨ ᠦ ᠬᠠᠮᠲᠤ ᠶᠢᠨ ᠠᠵᠢᠯᠯᠠᠭ᠎ᠠ ᠶᠢ ᠶᠠᠭᠤᠨ ᠤ ᠡᠮᠦᠨ᠎ᠡ ᠡᠳ᠋ ᠍ ᠦᠨ ᠵᠠᠰᠠᠭ ᠤᠨ ᠪᠣᠳᠠᠲᠤ ᠠᠭᠤᠯᠭ᠎ᠠ ᠪᠠᠷ ᠪᠠᠶᠠᠵᠢᠭᠤᠯᠬᠤ᠂ ᠪᠥᠰᠡ ᠨᠤᠲᠤᠭ ᠤᠨ ᠣᠷᠣᠨ ᠨᠤᠭᠤᠳ ᠲᠤ ᠲᠤᠯᠭᠠᠷᠠᠵᠤ ᠪᠤᠢ ᠨᠡᠶᠢᠭᠡᠮ ᠡᠳ᠋ ᠍ ᠦᠨ ᠵᠠᠰᠠᠭ ᠤᠨ ᠠᠰᠠᠭᠤᠳᠠᠯ ᠤᠳ ᠢ ᠰᠢᠢᠳᠪᠦᠷᠢᠯᠡᠬᠦ ᠨᠢ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠣᠷᠣᠯᠴᠠᠭᠴᠢ ᠣᠷᠣᠨ ᠨᠤᠭᠤᠳ ᠤᠨ ᠡᠳ᠋ ᠍ ᠦᠨ ᠵᠠᠰᠠᠭ ᠤᠨ ᠬᠦᠭᠵᠢᠯ ᠳᠦ ᠲᠦᠯᠬᠢᠴᠡ ᠥᠭᠭᠦᠭᠡᠳ ᠵᠣᠭᠰᠣᠬᠤ ᠦᠭᠡᠢ ᠪᠠᠶᠢᠭᠤᠯᠤᠯᠭ᠎ᠠ ᠶᠢᠨ ᠨᠡᠷ᠎ᠡ ᠬᠦᠨᠳᠦ ᠶᠢ ᠪᠡᠬᠢᠵᠢᠭᠦᠯᠬᠦ᠂ ᠪᠠᠶᠢᠭᠤᠯᠤᠯᠭ᠎ᠠ ᠶᠢᠨ ᠲᠠᠯ᠎ᠠ ᠪᠠᠷ ᠬᠢ ᠡᠶᠡᠷᠭᠦ ᠣᠶᠢᠯᠠᠭᠠᠯᠲᠠ ᠶᠢ ᠳᠡᠯᠭᠡᠷᠡᠭᠦᠯᠬᠦ᠂ ᠪᠥᠰᠡ ᠨᠤᠲᠤᠭ ᠤᠨ ᠠᠶᠤᠯ ᠦᠭᠡᠢ᠂ ᠲᠣᠭᠲᠠᠪᠤᠷᠢᠲᠠᠢ ᠪᠠᠶᠢᠳᠠᠯ ᠢ ᠬᠠᠩᠭᠠᠬᠤ ᠳᠤ ᠴᠢᠬᠤᠯᠠ ᠠᠴᠢ ᠬᠣᠯᠪᠣᠭᠳᠠᠯ ᠲᠠᠢ ᠶᠢ ᠬᠡᠯᠡᠭᠰᠡᠨ ᠦᠭᠡᠨ ᠳᠦ ᠪᠡᠨ ᠴᠣᠬᠣᠨ ᠲᠡᠮᠳᠡᠭᠯᠡᠪᠡ ᠃

ᠰᠡᠳᠬᠢᠭᠳᠡᠯ ᠦᠯᠡᠳᠡᠭᠡᠬᠦ