ᠮᠠᠨ ᠤ ᠲᠠᠮᠢᠷᠴᠢᠨ ᠳᠡᠯᠡᠬᠡᠢ ᠶᠢᠨ ᠠᠪᠤᠷᠭᠤ ᠪᠣᠯᠤᠯ᠎ᠠ | News.MN

ᠮᠠᠨ ᠤ ᠲᠠᠮᠢᠷᠴᠢᠨ ᠳᠡᠯᠡᠬᠡᠢ ᠶᠢᠨ ᠠᠪᠤᠷᠭᠤ ᠪᠣᠯᠤᠯ᠎ᠠ

ᠭᠷᠦ᠋ᠽᠢᠶ᠎ᠡ ᠤᠯᠤᠰ ᠤᠨ ᠨᠡᠶᠢᠰᠯᠡᠯ  ᠳᠦ ᠡᠨᠡ ᠰᠠᠷ᠎ᠠ ᠶᠢᠨ 12 ᠍ ᠳᠦ ᠰᠠᠮᠪᠣ ᠪᠥᠬᠡ ᠶᠢᠨ ᠵᠠᠯᠠᠭᠤᠴᠤᠳ ᠪᠣᠯᠤᠨ ᠥᠰᠪᠦᠷᠢ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠬᠢᠯᠡᠵᠦ᠂ ᠦᠬᠢᠳ ᠤᠨ 68 ᠺᠢᠯᠦᠭᠷᠡᠮ ᠳᠦ ᠡᠩᠬᠡᠴᠢᠮᠡᠭ ᠦᠨ ᠰᠡᠷᠡᠩᠳᠤᠯᠮ᠎ᠠ ᠳᠡᠯᠡᠬᠡᠢ ᠶᠢᠨ ᠥᠰᠪᠦᠷᠢ ᠶᠢᠨ ᠠᠪᠤᠷᠭᠤ ᠪᠣᠯᠵᠠᠢ᠃ ᠲᠡᠮᠡᠴᠡᠭᠡᠨ ᠳᠦ ᠮᠠᠨ ᠤ ᠤᠯᠤᠰ ᠠᠴᠠ 24 ᠪᠥᠬᠡ ᠬᠦᠴᠦ᠂ ᠤᠷ᠎ᠠ ᠴᠢᠳᠠᠪᠤᠷᠢ ᠪᠠᠨ ᠰᠣᠷᠢᠵᠤ ᠪᠠᠶᠢᠨ᠎ᠠ᠃ ᠪᠠᠭ ᠤᠨ ᠳᠠᠰᠬᠠᠯᠵᠢᠭᠤᠯᠤᠭᠴᠢ ᠪᠠᠷ ᠭᠠᠪᠢᠶᠠᠲᠤ ᠳᠠᠰᠬᠠᠯᠵᠢᠭᠤᠯᠤᠭᠴᠢ ᠭ∙ᠡᠩᠬᠡᠪᠠᠶᠠᠷ᠂ ᠳᠠᠰᠬᠠᠯᠵᠢᠭᠤᠯᠤᠭᠴᠢ ᠠᠯᠲᠠᠨᠲᠤᠶᠠᠭ᠎ᠠ ᠨᠠᠷ᠂ ᠰᠢᠭᠦᠭᠴᠢ ᠪᠡᠷ ᠭᠠᠪᠢᠶᠠᠲᠤ ᠲᠠᠮᠢᠷᠴᠢᠨ᠂ ᠣᠯᠠᠨ ᠤᠯᠤᠰ ᠤᠨ ᠰᠢᠭᠦᠭᠴᠢ ᠬ∙ᠪᠠᠲᠤᠬᠡᠰᠢᠭ ᠣᠷᠣᠯᠴᠠᠵᠤ ᠪᠠᠶᠢᠨ᠎ᠠ᠃ ᠡ᠊∙ᠰᠡᠷᠡᠩᠳᠤᠯᠮ᠎ᠠ ᠶᠢᠨ ᠳᠠᠰᠬᠠᠯᠵᠢᠭᠤᠯᠤᠭᠴᠢ ᠨᠢ ᠡᠷᠳᠡᠨᠢᠪᠠᠲᠤ ᠶᠤᠮ᠃ ᠵᠠᠯᠠᠭᠤᠴᠤᠳ ᠤᠨ  ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠡᠮᠡᠭᠲᠡᠢ ᠠᠩᠭᠢᠯᠠᠯ ᠤᠨ 65 ᠺᠢᠯᠦᠭᠷᠡᠮ  ᠳᠦ ᠬᠣᠪᠳᠣ ᠠᠶᠢᠮᠠᠭ ᠤᠨ ᠪᠥᠬᠡ ᠣᠳᠬᠣᠨᠪᠠᠶᠠᠷ ᠤᠨ ᠰᠠᠷᠠᠭᠤᠯ ᠮᠥᠩᠭᠥ᠂ ᠥᠰᠪᠦᠷᠢ ᠶᠢᠨ  ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠥᠪᠡᠭᠦᠳ ᠦᠨ 82 ᠺᠢᠯᠦᠭᠷᠡᠮ ᠳᠦ ᠮ᠂ ᠪᠠᠲᠤᠲᠤᠯᠭ᠎ᠠ ᠬᠦᠷᠡᠯ ᠮᠧᠳᠠᠯ ᠬᠦᠷᠲᠡᠵᠡᠢ᠃

ᠰᠡᠳᠬᠢᠭᠳᠡᠯ ᠦᠯᠡᠳᠡᠭᠡᠬᠦ