ᠪ∙ᠵᠠᠩᠳᠣᠰ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠲᠦᠷᠦᠭᠦᠯᠡᠵᠡᠢ | News.MN

ᠪ∙ᠵᠠᠩᠳᠣᠰ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠲᠦᠷᠦᠭᠦᠯᠡᠵᠡᠢ

ᠣᠷᠬᠣᠨ ᠠᠶᠢᠮᠠᠭ ᠲᠤ ᠡᠨᠡ ᠰᠠᠷ᠎ᠠ ᠶᠢᠨ 13-14 ᠍ ᠦ ᠡᠳᠦᠷ ᠦᠳ ᠲᠦ ᠵᠣᠬᠢᠶᠠᠨ ᠪᠠᠶᠢᠭᠤᠯᠤᠭᠰᠠᠨ ᠦᠨᠳᠦᠰᠦᠨ ᠦ ᠪᠥᠬᠡ ᠶᠢᠨ ᠥᠰᠪᠦᠷᠢ ᠦᠶ᠎ᠡ ᠶᠢᠨ ᠤᠯᠤᠰ ᠤᠨ ᠠᠪᠤᠷᠭᠤ ᠰᠢᠯᠭᠠᠷᠠᠭᠤᠯᠬᠤ ᠪᠠᠷᠢᠯᠳᠤᠭᠠᠨ ᠳᠤ 18 ᠨᠠᠰᠤᠨ ᠤ ᠠᠩᠭᠢᠯᠠᠯ ᠳᠤ ᠪᠠᠶᠠᠨ-ᠥᠯᠥᠭᠡᠢ ᠠᠶᠢᠮᠠᠭ ᠤᠨ ᠤᠯᠠᠭᠠᠨᠬᠤᠰᠤ ᠰᠤᠮᠤ ᠶᠢᠨ ᠬᠠᠷᠢᠶᠠᠲᠤ ᠪᠥᠬᠡ᠂ ᠰᠤᠮᠤ ᠶᠢᠨ ᠵᠠᠭᠠᠨ ᠪ∙ᠵᠠᠩᠳᠣᠰ ᠲᠦᠷᠦᠭᠦᠯᠡᠯ᠎ᠡ ᠃ ᠲᠡᠷᠡ ᠪᠡᠷ 29 ᠳᠠᠪᠠᠭ᠎ᠠ ᠪᠤᠶᠤ ᠨᠢᠭᠡ ᠴᠤ ᠤᠨᠠᠯ ᠦᠭᠡᠢ ︽ᠤᠯᠤᠰ ᠤᠨ ᠠᠪᠤᠷᠭᠤ︾ ᠶᠢᠨ ᠪᠣᠯᠵᠣᠯ ᠢ ᠬᠠᠩᠭᠠᠵᠠᠢ᠃ ᠲᠤᠰ ᠪᠠᠷᠢᠯᠳᠤᠭᠠᠨ ᠳᠤ ᠮᠠᠨ ᠤ ᠤᠯᠤᠰ ᠤᠨ 21 ᠠᠶᠢᠮᠠᠭ᠂ ᠨᠡᠶᠢᠰᠯᠡᠯ ᠦᠨ ᠶᠢᠰᠦᠨ ᠳᠡᠭᠦᠷᠭᠡ ᠡᠴᠡ ᠰᠢᠯᠭᠠᠷᠠᠨ ᠭᠠᠷᠤᠭᠰᠠᠨ ᠥᠰᠪᠦᠷᠢ ᠶᠢᠨ ᠰᠢᠯᠢᠳᠡᠭ ᠪᠥᠬᠡᠴᠦᠳ ᠬᠦᠴᠦ ᠦᠵᠡᠨ ᠵᠣᠳᠣᠭᠯᠠᠭᠰᠠᠨ ᠪᠥᠭᠡᠳ ᠪᠠᠶᠠᠨ-ᠥᠯᠥᠭᠡᠢ ᠠᠶᠢᠮᠠᠭ ᠤᠨ ᠪᠥᠬᠡᠴᠦᠳ ᠢ ᠠᠶᠢᠮᠠᠭ ᠤᠨ ᠬᠠᠷᠴᠠᠭ᠎ᠠ ᠪ∙ᠪᠧᠭᠵᠠᠨ ᠳᠠᠰᠬᠠᠯᠵᠢᠭᠤᠯᠤᠨ ᠣᠷᠤᠯᠴᠠᠭᠤᠯᠵᠠᠢ᠃

ᠰᠡᠳᠬᠢᠭᠳᠡᠯ ᠦᠯᠡᠳᠡᠭᠡᠬᠦ