ᠨᠡᠬᠡᠢ ᠪᠡᠷ ᠬᠢᠭᠰᠡᠨ ᠤᠯᠠᠪᠴᠢ ᠶᠢ ᠬᠢᠲᠠᠳ  ᠲᠤ ᠡᠺᠰᠫᠣᠷᠲᠯᠠᠵᠤ ᠪᠠᠶᠢᠨ᠎ᠠ | News.MN

ᠨᠡᠬᠡᠢ ᠪᠡᠷ ᠬᠢᠭᠰᠡᠨ ᠤᠯᠠᠪᠴᠢ ᠶᠢ ᠬᠢᠲᠠᠳ  ᠲᠤ ᠡᠺᠰᠫᠣᠷᠲᠯᠠᠵᠤ ᠪᠠᠶᠢᠨ᠎ᠠ

ᠪᠠᠶᠠᠨ-ᠥᠯᠥᠭᠡᠢ ᠠᠶᠢᠮᠠᠭ ᠤᠨ ᠴᠡᠩᠭᠡᠯ ᠰᠤᠮᠤ ᠶᠢᠨ  ︽ᠮᠤᠽᠲ᠋ᠠᠤ᠋︾ ᠺᠣᠮᠫᠠᠨᠢ ᠬᠣᠨᠢᠨ ᠤ ᠨᠡᠬᠡᠢ ᠪᠡᠷ ᠤᠯᠠᠪᠴᠢ ᠦᠢᠯᠡᠳᠪᠦᠷᠢᠯᠡᠵᠦ᠂ ᠬᠢᠲᠠᠳ᠂ ᠬᠠᠰᠠᠭᠰᠲ᠋ᠠᠨ ᠤᠯᠤᠰ ᠲᠤ ᠡᠺᠰᠫᠣᠷᠲᠯᠠᠵᠤ ᠪᠠᠶᠢᠨ᠎ᠠ᠃ ᠲᠡᠷᠡ ᠪᠡᠷ ᠰᠠᠷ᠎ᠠ ᠳᠤ ᠪᠠᠨ ᠵᠢᠷᠭᠤᠭᠠᠨ ᠮᠢᠩᠭᠠᠨ ᠰᠢᠷᠬᠡᠭ ᠤᠯᠠᠪᠴᠢ ᠦᠢᠯᠡᠳᠪᠦᠷᠢᠯᠡᠳᠡᠭ ᠪᠥᠭᠡᠳ ᠲᠦᠭᠦᠬᠡᠢ ᠡᠳ᠋ ᠍ ᠢᠶᠡᠨ ᠤᠯᠠᠭᠠᠨᠪᠠᠭᠠᠲᠤᠷ ᠬᠣᠲᠠ ᠠᠴᠠ ᠲᠠᠲᠠᠳᠠᠭ ᠪᠠᠶᠢᠨ᠎ᠠ᠃
ᠺᠣᠮᠫᠠᠨᠢ ᠶᠢᠨ ᠡᠭᠦᠰᠬᠡᠨ ᠪᠠᠶᠢᠭᠤᠯᠤᠭᠴᠢ ᠪ∙ᠠᠮᠠᠨᠺᠸᠯᠳ᠋᠄ ᠮᠠᠨ ᠤ ᠪᠦᠲᠦᠭᠡᠭᠳᠡᠬᠦᠨ ᠪᠣᠯ ᠮᠣᠩᠭᠣᠯ ᠬᠣᠨᠢᠨ ᠤ ᠠᠷᠠᠰᠤ ᠪᠠᠷ ᠬᠢᠭᠰᠡᠨ᠂ ᠬᠦᠮᠦᠨ ᠦ ᠪᠡᠶ᠎ᠡ ᠳᠦ ᠬᠣᠣᠷ ᠨᠥᠯᠦᠭᠡ ᠦᠭᠡᠢ ᠡᠺᠣ ᠪᠦᠲᠦᠭᠡᠭᠳᠡᠬᠦᠨ ᠶᠤᠮ᠃ ᠴᠢᠭᠢᠭ ᠲᠠᠲᠠᠳᠠᠭ ᠭᠤᠲᠤᠯ ᠬᠦᠮᠦᠨ ᠦ ᠡᠷᠡᠭᠦᠯ ᠮᠡᠨᠳᠦ ᠪᠣᠯᠤᠨ ᠬᠤᠪᠢ ᠶᠢᠨ ᠠᠷᠢᠭᠤᠨ ᠴᠡᠪᠡᠷ ᠲᠦ ᠮᠠᠭᠤ ᠨᠦᠯᠦᠭᠡ ᠲᠠᠢ ᠪᠠᠶᠢᠳᠠᠭ᠃ ᠣᠳᠣ ᠪᠠᠷ ᠮᠠᠨ ᠤ ᠪᠦᠲᠦᠭᠡᠭᠳᠡᠬᠦᠨ ᠬᠠᠰᠠᠭᠰᠲ᠋ᠠᠨ ᠤᠯᠤᠰ ᠤᠨ ᠠᠰᠲ᠋ᠠᠨ᠎ᠠ ᠂  ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ  ᠦᠷᠦᠮᠴᠢ᠂ ᠪᠤᠭᠤᠷᠤᠯᠲᠣᠬᠣᠢ ᠵᠡᠷᠭᠡ ᠬᠣᠲᠠ ᠨᠤᠭᠤᠳ ᠲᠤ ᠭᠡᠷᠡᠲᠦ ᠪᠣᠷᠣᠯᠠᠭᠤᠯᠤᠭᠴᠢᠳ ᠢᠶᠠᠷ ᠳᠠᠮᠵᠢᠨ ᠬᠤᠳᠠᠯᠳᠤᠭᠠᠯᠠᠭᠳᠠᠵᠤ ᠪᠠᠶᠢᠨ᠎ᠠ᠃ ᠮᠥᠨ ᠭᠤᠷᠪᠠᠨ ᠬᠦᠮᠦᠨ ᠲᠣᠭᠲᠠᠮᠠᠯ ᠠᠵᠢᠯ ᠤᠨ ᠪᠠᠶᠢᠷᠢ ᠪᠠᠷ ᠬᠠᠩᠭᠠᠭᠳᠠᠵᠤ ᠪᠠᠶᠢᠭ᠎ᠠ ᠭᠡᠯ᠎ᠡ᠃

ᠰᠡᠳᠬᠢᠭᠳᠡᠯ ᠦᠯᠡᠳᠡᠭᠡᠬᠦ