《ᠮᠣᠩᠭᠣᠯ ᠲᠤᠭᠤᠷᠭᠠᠲᠠᠨ》 ᠲᠢᠶᠠᠲ᠋ᠷ  ᠡᠭᠦᠳᠡ ᠬᠠᠭᠠᠯᠭ᠎ᠠ ᠪᠠᠨ ᠨᠡᠭᠡᠭᠡᠯ᠎ᠡ | News.MN

《ᠮᠣᠩᠭᠣᠯ ᠲᠤᠭᠤᠷᠭᠠᠲᠠᠨ》 ᠲᠢᠶᠠᠲ᠋ᠷ  ᠡᠭᠦᠳᠡ ᠬᠠᠭᠠᠯᠭ᠎ᠠ ᠪᠠᠨ ᠨᠡᠭᠡᠭᠡᠯ᠎ᠡ

ᠥᠴᠥᠭᠡᠳᠦᠷ ᠲᠥᠷᠥ ᠶᠢᠨ ᠬᠣᠱᠣᠢ ᠱᠠᠩᠨᠠᠯᠲᠤ᠂ ᠠᠷᠠᠳ ᠤᠨ ᠵᠦᠵᠦᠭᠡᠴᠢᠨ ᠪ∙ᠳᠠᠮᠳᠢᠨᠰᠦ᠋ᠷᠦᠩ ᠦᠨ ᠨᠡᠷᠡᠮᠵᠢᠲᠦ 《ᠮᠣᠩᠭᠣᠯ ᠲᠤᠭᠤᠷᠭᠠᠲᠠᠨ》ᠲᠢᠶᠠᠲ᠋ᠷ ᠤᠨ ᠰᠢᠨ᠎ᠡ ᠪᠠᠷᠢᠯᠭ᠎ᠠ ᠡᠭᠦᠳᠡ ᠬᠠᠭᠠᠯᠭ᠎ᠠ ᠪᠠᠨ ᠨᠡᠭᠡᠭᠡᠭᠰᠡᠨ ᠪᠠᠶᠢᠨ᠎ᠠ᠃ ᠲᠤᠰ ᠲᠢᠶᠠᠲ᠋ᠷ ᠨᠢ ᠣᠷᠣᠨ ᠨᠤᠲᠤᠭ ᠲᠤ ᠪᠠᠶᠢᠭᠤᠯᠤᠭᠳᠠᠵᠤ ᠪᠤᠢ ᠳᠡᠯᠡᠬᠡᠢ ᠶᠢᠨ ᠰᠲ᠋ᠠᠨᠳᠠᠷᠲ ᠲᠤ ᠨᠡᠶᠢᠴᠡᠭᠰᠡᠨ᠂ ᠣᠷᠴᠢᠨ ᠦᠶ᠎ᠡ ᠶᠢᠨ ᠲᠣᠨᠣᠭ ᠲᠥᠬᠥᠭᠡᠷᠦᠮᠵᠢ ᠪᠦᠬᠦᠢ 800 ᠬᠦᠮᠦᠨ ᠦ ᠰᠠᠭᠤᠳᠠᠯ ᠲᠠᠢ ᠭᠡᠳᠡᠭ ᠢᠶᠡᠷ ᠢᠶᠡᠨ ᠣᠨᠴᠠᠯᠢᠭ ᠲᠠᠢ ᠃
ᠲᠢᠶᠠᠲ᠋ᠷ ᠤᠨ ᠨᠡᠭᠡᠭᠡᠯᠲᠡ ᠳᠦ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ᠂ ᠤᠯᠤᠰ ᠤᠨ ᠶᠡᠬᠡ ᠬᠤᠷᠠᠯ ᠤᠨ ᠭᠡᠰᠢᠭᠦᠨ᠂  ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠍ ᠤᠨ ᠰᠠᠶᠢᠳ ᠼ∙ᠴᠣᠭᠵᠢᠯᠮ᠎ᠠ᠂ ᠤᠯᠤᠰ ᠤᠨ ᠶᠡᠬᠡ ᠬᠤᠷᠠᠯ ᠶᠢᠨ ᠭᠡᠰᠢᠭᠦᠨ ᠳ∙ᠤᠶᠤᠨᠬᠤᠷᠯᠤ᠂ ᠤᠷᠠᠯᠢᠭ ᠰᠤᠶᠤᠯ ᠤᠨ ᠦᠶ᠎ᠡ ᠦᠶ᠎ᠡ ᠶᠢᠨ ᠠᠯᠳᠠᠷᠲᠠᠨ  ᠨᠤᠭᠤᠳ ᠣᠷᠣᠯᠴᠠᠵᠠᠢ᠃
ᠡᠨᠡ ᠲᠢᠶᠠᠲ᠋ᠷ ᠠᠩᠬ᠎ᠠ 1943 ᠣᠨ ᠳᠤ  ᠪᠠᠶᠢᠭᠤᠯᠤᠭᠳᠠᠵᠤ ᠂ 1952 ᠣᠨ  ᠳᠤ 350 ᠬᠦᠮᠦᠨ ᠦ ᠰᠠᠭᠤᠳᠠᠯ ᠲᠠᠢ ︽ᠰᠤᠶᠤᠯ ᠤᠨ ᠣᠷᠳᠣᠨ︾ ᠪᠣᠯᠤᠨ  ᠦᠷᠭᠡᠵᠢᠵᠡᠢ ᠃ 1982 ᠣᠨ ᠳᠤ ︽ᠬᠥᠭᠵᠢᠮᠲᠦ ᠳ᠋ᠷᠠᠮ ᠤᠨ ᠲᠢᠶᠠᠲ᠋ᠷ︾᠂ 2007 ᠣᠨ ᠳᠤ 《ᠮᠣᠩᠭᠣᠯ ᠲᠤᠭᠤᠷᠭᠠᠲᠠᠨ 》 ᠲᠢᠶᠠᠲ᠋ᠷ ᠪᠣᠯᠭᠠᠭᠰᠠᠨ ᠢᠶᠠᠷ ᠲᠥᠷᠥ ᠶᠢᠨ ᠬᠣᠱᠣᠢ ᠱᠠᠩᠨᠠᠯᠲᠤ᠂ ᠠᠷᠠᠳ ᠤᠨ ᠵᠦᠵᠦᠭᠡᠴᠢᠨ ᠪ∙ᠳᠠᠮᠳᠢᠨᠰᠦ᠋ᠷᠦᠩ ᠦᠨ ᠨᠡᠷᠡᠮᠵᠢᠲᠦ ᠪᠣᠯᠭᠠᠨ ᠵᠠᠷᠯᠠᠵᠠᠢ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2018-10-17 66.181.186.248

ᠪᠠᠶᠠᠷ