ᠸᠠᠯᠢᠶᠤᠲ ᠤᠨ ᠬᠠᠩᠰᠢ ᠶᠢᠨ ᠬᠡᠯᠪᠡᠯᠵᠡᠯ ᠨᠢ ᠲᠥᠯᠥᠪᠦᠷᠢ ᠶᠢᠨ ᠲᠡᠩᠴᠡᠯ ᠲᠡᠢ ᠬᠣᠯᠪᠣᠭ᠎ᠠ ᠲᠠᠢ | News.MN

ᠸᠠᠯᠢᠶᠤᠲ ᠤᠨ ᠬᠠᠩᠰᠢ ᠶᠢᠨ ᠬᠡᠯᠪᠡᠯᠵᠡᠯ ᠨᠢ ᠲᠥᠯᠥᠪᠦᠷᠢ ᠶᠢᠨ ᠲᠡᠩᠴᠡᠯ ᠲᠡᠢ ᠬᠣᠯᠪᠣᠭ᠎ᠠ ᠲᠠᠢ

ᠤᠯᠤᠰ ᠤᠨ ᠶᠡᠬᠡ ᠬᠤᠷᠠᠯ ᠤᠨ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ︽ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2019 ᠣᠨ ᠳᠤ ᠪᠠᠷᠢᠮᠲᠠᠯᠠᠬᠤ ᠦᠨᠳᠦᠰᠦᠨ ᠴᠢᠭᠯᠡᠯ ᠪᠠᠲᠤᠯᠠᠬᠤ ᠲᠤᠬᠠᠢ︾ ᠲᠣᠭᠲᠠᠭᠠᠯ ᠤᠨ ᠲᠥᠰᠥᠯ ᠢ ᠬᠡᠯᠡᠯᠴᠡᠯ᠎ᠡ᠃
ᠥᠩᠭᠡᠷᠡᠭᠴᠢ ᠬᠣᠶᠠᠷ ᠵᠢᠯ ᠳᠦ ᠮᠠᠨ ᠤ ᠭᠠᠳᠠᠭᠠᠳᠤ ᠡᠷᠢᠯᠲᠡ ᠥᠨᠳᠥᠷ᠂ ᠬᠤᠳᠠᠯᠳᠤᠭᠠᠨ ᠤ ᠨᠥᠬᠥᠴᠡᠯ ᠬᠠᠷᠢᠴᠠᠩᠭᠤᠢ ᠲᠣᠭᠲᠠᠪᠤᠷᠢᠲᠠᠢ ᠪᠠᠶᠢᠭᠰᠠᠨ ᠤ ᠵᠡᠷᠭᠡᠴᠡᠭᠡ ᠠᠭᠤᠯᠠ ᠠᠭᠤᠷᠬᠠᠢ ᠶᠢᠨ ᠬᠥᠷᠥᠩᠭᠡ ᠣᠷᠣᠭᠤᠯᠤᠯᠲᠠ ᠲᠡᠯᠡᠵᠦ᠂ ᠡᠳ᠋ ᠍ ᠦᠨ ᠵᠠᠰᠠᠭ ᠢ ᠲᠣᠭᠲᠠᠪᠤᠷᠢᠵᠢᠭᠤᠯᠬᠤ ᠲᠥᠰᠥᠪ ᠮᠥᠩᠭᠥᠨ ᠦ ᠪᠣᠳᠣᠯᠭ᠎ᠠ ᠶᠢᠨ ᠦᠷ᠎ᠡ ᠳ᠋ᠦᠩ ᠳᠦ ᠬᠥᠷᠥᠩᠭᠡ ᠣᠷᠣᠭᠤᠯᠤᠭᠴᠢ᠂ ᠪᠢᠽᠢᠨᠧᠰ  ᠡᠷᠬᠢᠯᠡᠭᠴᠢᠳ ᠦᠨ ᠢᠲᠡᠭᠡᠯ ᠰᠡᠷᠭᠦᠵᠦ᠂ ᠪᠢᠽᠢᠨᠧᠰ  ᠦᠨ ᠣᠷᠴᠢᠨ ᠠᠯᠭᠤᠷ ᠰᠠᠶᠢᠵᠢᠷᠠᠵᠤ ᠪᠤᠢ ᠶᠢ ᠮᠣᠩᠭᠣᠯ  ᠪᠠᠩᠭᠢ ᠶᠢᠨ ᠶᠡᠷᠦᠩᠬᠡᠶᠢᠯᠡᠭᠴᠢ ᠨ∙ ᠪᠠᠶᠠᠷᠲᠤᠰᠠᠶᠢᠬᠠᠨ ᠬᠠᠤᠯᠢ ᠰᠠᠨᠠᠭᠠᠴᠢᠯᠠᠭᠴᠢ ᠶᠢᠨ ᠢᠯᠡᠳᠬᠡᠯ ᠳᠦ ᠪᠡᠨ ᠳᠤᠷᠠᠳᠤᠯ᠎ᠠ᠃ ᠡᠨᠡ ᠣᠨ ᠤ ᠡᠬᠢᠨ ᠦ ᠬᠠᠭᠠᠰ ᠵᠢᠯ ᠦᠨ ᠪᠠᠶᠢᠳᠠᠯ ᠢᠶᠠᠷ ᠡᠳ᠋ ᠍ ᠦᠨ ᠵᠠᠰᠠᠭ ᠤᠨ ᠥᠰᠦᠯᠲᠡ 6.3 ᠬᠤᠪᠢ ᠳᠤ ᠬᠦᠷᠴᠦ᠂ ᠠᠵᠢᠯ ᠡᠷᠬᠢᠯᠡᠯᠲᠡ 3.1 ᠬᠤᠪᠢ  ᠪᠠᠷ ᠥᠰᠦᠭᠰᠡᠨ᠃ ᠦᠨᠳᠦᠰᠦᠨ ᠴᠢᠭᠯᠡᠯ ᠳᠦ ᠢᠨᠹᠯᠢᠶᠠᠼ ᠢ 2019-2020 ᠣᠨ ᠳᠤ ᠵᠢᠯ ᠦᠨ 8 ᠬᠤᠪᠢ᠂ ᠳᠤᠮᠳᠠ ᠬᠤᠭᠤᠴᠠᠭᠠᠨ ᠳᠤ 6 ᠬᠤᠪᠢ ᠪᠣᠯᠭᠠᠨ ᠪᠠᠭᠤᠷᠠᠭᠤᠯᠬᠤ ᠪᠠᠷ ᠲᠤᠰᠬᠠᠭᠰᠠᠨ᠂ ᠲᠡᠭᠦᠨᠴᠢᠯᠡᠨ ᠡᠳ᠋ ᠍ ᠦᠨ ᠵᠠᠰᠠᠭ ᠤᠨ ᠥᠰᠦᠯᠲᠡ᠂ ᠲᠡᠭᠦᠨ ᠦ ᠦᠷ᠎ᠡ ᠦᠭᠭᠦᠭᠡᠵᠢ ᠶᠢ ᠲᠣᠭᠲᠠᠪᠤᠷᠢᠲᠠᠢ ᠲᠦᠪᠰᠢᠨ ᠳᠦ ᠬᠠᠮᠠᠭᠠᠯᠠᠬᠤ ᠳᠤ ᠢᠨᠹᠯᠢᠶᠠᠼ ᠤᠨ ᠲᠣᠭᠲᠠᠪᠤᠷᠢᠲᠠᠢ ᠪᠠᠶᠢᠳᠠᠯ ᠢ ᠬᠠᠩᠭᠠᠬᠤ᠂ ᠭᠠᠳᠠᠭᠠᠳᠤ  ᠸᠠᠯᠢᠶᠤᠲ ᠤᠨ ᠨᠥᠭᠡᠴᠡ ᠶᠢ ᠨᠡᠮᠡᠬᠦ᠂ ᠪᠠᠩᠬᠢᠨ ᠤ ᠰᠢᠰᠲ᠋ᠧᠮ ᠦᠨ  ᠡᠷᠡᠰᠳᠡᠯ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠳᠣᠯᠭ᠎ᠠ ᠶᠢ ᠦᠷᠭᠦᠯᠵᠢᠯᠡᠭᠦᠯᠬᠦ ᠱᠠᠭᠠᠷᠳᠠᠯᠭ᠎ᠠ ᠲᠠᠢ ᠭᠡᠵᠦ ᠮᠣᠩᠭᠣᠯ ᠪᠠᠩᠬᠢ ᠦᠵᠡᠵᠦ ᠪᠠᠶᠢᠭ᠎ᠠ ᠠᠵᠠᠢ ᠃
ᠮᠤᠩᠭᠤᠯ ᠪᠠᠩᠭᠢ ᠶᠢᠨ ᠶᠡᠷᠦᠩᠬᠡᠶᠢᠯᠡᠭᠴᠢ ᠨ∙ ᠪᠠᠶᠠᠷᠲᠤᠰᠠᠶᠢᠬᠠᠨ᠄  ᠸᠠᠯᠢᠶᠤᠲ ᠤᠨ ᠬᠠᠩᠰᠢ ᠶᠢᠨ ᠬᠡᠯᠪᠡᠯᠵᠡᠯ ᠨᠢ ᠲᠥᠯᠥᠪᠦᠷᠢ ᠶᠢᠨ ᠲᠡᠩᠴᠡᠯ ᠲᠡᠢ ᠬᠣᠯᠪᠣᠭ᠎ᠠ ᠲᠠᠢ᠃ ᠥᠭᠡᠷ᠎ᠡ ᠪᠡᠷ ᠬᠡᠯᠡᠪᠡᠯ᠂ ᠭᠠᠳᠠᠭᠠᠳᠤ ᠬᠤᠳᠠᠯᠳᠤᠭ᠎ᠠ ᠠᠯᠳᠠᠭᠳᠠᠯ ᠲᠠᠢ ᠪᠠᠶᠢᠭ᠎ᠠ ᠠᠴᠠ ᠣᠯᠠᠨ ᠵᠦᠢᠯ ᠰᠢᠯᠲᠠᠭᠠᠯᠠᠵᠤ ᠪᠠᠶᠢᠨ᠎ᠠ ᠭᠡᠰᠡᠨ ᠦᠭᠡ᠃ ᠴᠢᠨᠠᠭᠰᠢᠳᠠ ᠭᠠᠳᠠᠨ᠎ᠠ ᠶᠢᠨ ᠬᠥᠷᠥᠩᠭᠡ ᠣᠷᠣᠭᠤᠯᠤᠯᠲᠠ ᠲᠠᠲᠠᠬᠤ ᠨᠢ ᠠᠮᠢᠨ ᠴᠢᠬᠤᠯᠠ ᠠᠰᠠᠭᠤᠳᠠᠯ ᠭᠡᠪᠡ ᠃ ᠮᠣᠩᠭᠣᠯ ᠪᠠᠩᠬᠢ ᠢᠷᠡᠬᠦ ᠣᠨ ᠳᠤ 22 ᠲᠣᠨ ᠠᠯᠲᠠ ᠬᠤᠳᠠᠯᠳᠤᠨ ᠠᠪᠤᠨ᠎ᠠ᠃ ᠮᠥᠨ ᠠᠵᠤ ᠠᠬᠤᠢ ᠶᠢᠨ ᠨᠢᠭᠡᠴᠢ᠂ ᠢᠷᠭᠡᠳ ᠦᠨ ᠠᠯᠲᠠ ᠲᠤᠰᠢᠶᠠᠬᠤ ᠠᠵᠢᠯ ᠢ ᠬᠢᠯᠪᠠᠷᠴᠢᠯᠠᠬᠤ᠂ ᠦᠢᠯᠡᠴᠢᠯᠡᠭᠡ ᠶᠢ ᠣᠶᠢᠷᠠᠲᠤᠭᠤᠯᠬᠤ ᠵᠣᠷᠢᠯᠭ᠎ᠠ ᠪᠠᠷ ᠳᠠᠷᠬᠠᠨ  ᠬᠤᠲᠠ ᠳᠤ ᠠᠯᠲᠠᠨ ᠤ ᠰᠣᠷᠢᠴᠠ ᠶᠢᠨ ᠯᠠᠪᠤᠷᠠᠲ᠋ᠣᠷᠢ ᠪᠠᠶᠢᠭᠤᠯᠤᠭᠰᠠᠨ᠃ ᠢᠷᠡᠬᠦ ᠵᠢᠯ ᠦᠳ ᠡᠴᠡ ᠳᠠᠬᠢᠨ ᠬᠣᠶᠠᠷ ᠠᠶᠢᠮᠠᠭ ᠲᠤ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠠᠵᠠᠢ ᠃

ᠰᠡᠳᠬᠢᠭᠳᠡᠯ ᠦᠯᠡᠳᠡᠭᠡᠬᠦ