ᠰᠲᠷᠠᠲ᠋ᠧᠭᠢ ᠶᠢᠨ ᠣᠷᠳᠣ ᠠᠰᠢᠭᠯᠠᠳᠠᠭ ᠺᠣᠮᠫᠠᠨᠢ  ᠶᠢᠨ ᠳᠠᠩᠰᠠ ᠶᠢ ᠲᠦᠪ ᠪᠠᠩᠬᠢᠨ ᠳᠤ ᠪᠠᠶᠢᠷᠢᠰᠢᠭᠤᠯᠤᠨ᠎ᠠ | News.MN

ᠰᠲᠷᠠᠲ᠋ᠧᠭᠢ ᠶᠢᠨ ᠣᠷᠳᠣ ᠠᠰᠢᠭᠯᠠᠳᠠᠭ ᠺᠣᠮᠫᠠᠨᠢ  ᠶᠢᠨ ᠳᠠᠩᠰᠠ ᠶᠢ ᠲᠦᠪ ᠪᠠᠩᠬᠢᠨ ᠳᠤ ᠪᠠᠶᠢᠷᠢᠰᠢᠭᠤᠯᠤᠨ᠎ᠠ

ᠤᠯᠤᠰ ᠤᠨ ᠶᠡᠬᠡ ᠬᠤᠷᠠᠯ ᠤᠨ ᠡ ᠍ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠡᠷᠭᠦᠨ ᠮᠡᠳᠡᠭᠦᠯᠦᠭᠰᠡᠨ   ︽ᠸᠠᠯᠢᠶᠤᠲ ᠤᠨ ᠵᠣᠬᠢᠴᠠᠭᠤᠯᠤᠯᠲᠠ ᠶᠢᠨ ᠲᠤᠬᠠᠢ︾ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠬᠡᠯᠡᠯᠴᠡᠯ᠎ᠡ᠃ ᠬᠠᠤᠯᠢ ᠶᠢᠨ ᠲᠥᠰᠥᠯ ᠳᠦ ᠵᠠᠰᠠᠭ ᠤᠨ ᠭᠠᠵᠠᠷ ᠲᠠᠢ ᠬᠥᠷᠥᠩᠭᠡ ᠣᠷᠣᠭᠤᠯᠤᠯᠲᠠ ᠶᠢᠨ ᠭᠡᠷ᠎ᠡ ᠪᠠᠶᠢᠭᠤᠯᠤᠭᠰᠠᠨ᠂ ᠰᠲᠷᠠ ᠧᠭᠢ ᠶᠢᠨ ᠠᠴᠢ ᠬᠣᠯᠪᠣᠭᠳᠠᠯ ᠪᠦᠬᠦᠢ ᠠᠰᠢᠭᠲᠤ ᠮᠠᠯᠲᠠᠮᠠᠯ ᠤᠨ ᠣᠷᠳᠣ ᠶᠢ ᠠᠰᠢᠭᠯᠠᠳᠠᠭ ᠠᠵᠤ  ᠠᠬᠤᠢ  ᠶᠢᠨ  ᠨᠢᠭᠡᠴᠢ ᠪᠠᠶᠢᠭᠤᠯᠤᠯᠭ᠎ᠠ ᠶᠢᠨ ᠳᠠᠩᠰᠠ ᠶᠢ ᠮᠣᠩᠭᠣᠯ ᠪᠠᠩᠬᠢᠨ ᠳᠤ ᠪᠠᠶᠢᠷᠢᠰᠢᠭᠤᠯᠵᠤ᠂ ᠮᠥᠩᠭᠥᠨ ᠭᠦᠢᠯᠭᠡᠭᠡ᠂ ᠲᠥᠯᠥᠪᠦᠷᠢ ᠲᠣᠭᠠᠴᠠᠭ᠎ᠠ ᠶᠢ ᠭᠦᠢᠴᠡᠳᠭᠡᠳᠡᠭ ᠪᠣᠯᠬᠤ ᠵᠣᠬᠢᠴᠠᠭᠤᠯᠤᠯᠲᠠ ᠶᠢ ᠲᠤᠰᠬᠠᠵᠠᠢ᠃
ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠡᠨᠡ ᠬᠠᠤᠯᠢ ᠶᠢ ᠪᠠᠲᠤᠯᠠᠭᠰᠠᠨ ᠢᠶᠠᠷ ᠭᠠᠳᠠᠭᠠᠳᠤ  ᠸᠠᠯᠢᠶᠤᠲ ᠤᠨ ᠨᠥᠭᠡᠴᠡ ᠶᠢ ᠨᠡᠮᠡᠬᠦ᠂ ᠲᠥᠭᠥᠷᠢᠭ ᠦᠨ ᠬᠠᠩᠰᠢ ᠶᠢᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠪᠣᠯᠤᠮᠵᠢ ᠪᠥᠷᠢᠳᠦᠨ᠎ᠡ ᠬᠡᠮᠡᠨ ᠬᠠᠤᠯᠢ ᠰᠠᠨᠠᠭᠠᠴᠢᠯᠠᠭᠴᠢ ᠦᠵᠡᠭᠰᠡᠨ ᠢ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠳᠤ ᠲᠠᠨᠢᠯᠴᠠᠭᠤᠯᠪᠠ᠃
ᠬᠡᠯᠡᠯᠴᠡᠵᠦ ᠪᠤᠢ ᠠᠰᠠᠭᠤᠳᠠᠯ ᠲᠠᠢ ᠬᠣᠯᠪᠣᠭᠳᠠᠭᠤᠯᠤᠨ ᠲ∙ᠠᠶᠤᠷᠰᠠᠶᠢᠬᠠᠨ᠂ ᠳ∙ᠡᠷᠳᠡᠨᠢᠪᠠᠲᠤ ᠨᠠᠷ  ᠬᠠᠤᠯᠢ ᠶᠢᠨ ᠲᠥᠰᠥᠯ ᠢ ᠳᠡᠮᠵᠢᠵᠦ ᠪᠤᠢ  ᠪᠠᠨ ᠢᠯᠡᠷᠬᠡᠶᠢᠯᠡᠯ᠎ᠡ᠃ ᠭᠡᠰᠢᠭᠦᠳ  ᠮᠣᠩᠭᠣᠯ ᠤᠨ ᠪᠠᠶᠠᠯᠢᠭ ᠢ ᠭᠠᠳᠠᠭᠰᠢ ᠭᠠᠷᠭᠠᠵᠤ ᠪᠤᠢ ᠪᠦᠬᠦ ᠠᠵᠤ ᠠᠬᠤᠢ ᠶᠢᠨ ᠨᠢᠭᠡᠴᠢ ᠲᠥᠯᠥᠪᠦᠷᠢ ᠲᠣᠭᠠᠴᠠᠭ᠎ᠠ ᠪᠠᠨ ᠮᠣᠩᠭᠣᠯ ᠪᠠᠩᠬᠢ ᠪᠠᠷ ᠳᠠᠮᠵᠢᠭᠤᠯᠳᠠᠭ ᠪᠣᠯᠬᠤ ᠨᠢ ᠲᠤᠶᠢᠯ ᠤᠨ ᠴᠢᠬᠤᠯᠠ ᠭᠡᠳᠡᠭ ᠢ ᠣᠨᠴᠠᠯᠠᠵᠤ ᠪᠠᠶᠢᠪᠠ᠃ ᠤᠯᠤᠰ ᠤᠨ ᠶᠡᠬᠡ ᠬᠤᠷᠠᠯ ᠤᠨ ᠭᠡᠰᠢᠭᠦᠨ ᠮ∙ᠣᠶᠤᠨᠴᠢᠮᠡᠭ ᠨᠠᠷ ᠤᠨ ᠭᠡᠰᠢᠭᠦᠳ ᠮᠥᠨ  ᠸᠠᠯᠢᠶᠤᠲ ᠤᠨ ᠵᠣᠬᠢᠴᠠᠭᠤᠯᠤᠯᠲᠠ ᠶᠢᠨ ᠲᠤᠬᠠᠢ ᠬᠠᠤᠯᠢ ᠶᠢᠨ ᠲᠥᠰᠥᠯ ᠢ ᠡᠷᠭᠦᠨ ᠪᠠᠷᠢᠭᠰᠠᠨ ᠪᠥᠭᠡᠳ ᠶᠡᠷᠦᠩᠬᠡᠶᠢᠯᠡᠭᠴᠢ ᠶᠢᠨ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠲᠡᠢ ᠨᠢᠭᠡᠳᠬᠡᠨ ᠬᠡᠯᠡᠯᠴᠡᠬᠦ ᠨᠢ ᠵᠥᠪ ᠭᠡᠳᠡᠭ ᠢ ᠬᠡᠯᠡᠵᠦ ᠪᠠᠶᠢᠯ᠎ᠠ᠃

ᠰᠡᠳᠬᠢᠭᠳᠡᠯ ᠦᠯᠡᠳᠡᠭᠡᠬᠦ