ᠮᠣᠷᠢᠲᠤ ᠬᠠᠷᠪᠤᠭᠠᠨ ᠤ ᠲᠡᠮᠡᠴᠡᠭᠡᠨ ᠳᠦ ᠮᠣᠩᠭᠣᠯᠴᠤᠳ ᠲᠡᠷᠢᠭᠦᠯᠡᠵᠡᠢ | News.MN

ᠮᠣᠷᠢᠲᠤ ᠬᠠᠷᠪᠤᠭᠠᠨ ᠤ ᠲᠡᠮᠡᠴᠡᠭᠡᠨ ᠳᠦ ᠮᠣᠩᠭᠣᠯᠴᠤᠳ ᠲᠡᠷᠢᠭᠦᠯᠡᠵᠡᠢ

ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠰᠤᠭᠴᠤ  ᠬᠤᠲᠠ ᠳᠤ ᠥᠩᠭᠡᠷᠡᠭᠴᠢ ᠳᠣᠯᠣᠭ᠎ᠠ ᠬᠣᠨᠣᠭ ᠲᠤ ᠮᠣᠷᠢᠲᠤ ᠬᠠᠷᠪᠤᠭᠠᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠵᠣᠬᠢᠶᠠᠨ ᠪᠠᠶᠢᠭᠤᠯᠤᠭᠳᠠᠵᠠᠢ᠃ ᠲᠤᠰ ᠲᠡᠮᠡᠴᠡᠭᠡᠨ ᠳᠦ ᠠᠩᠭᠯᠢ᠂ ᠠᠮᠧᠷᠢᠺᠠ ᠂ ᠣᠷᠣᠰ ᠂  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠬᠠᠰᠠᠭᠰᠲ᠋ᠠᠨ᠂ ᠭᠧᠷᠮᠠᠨ ᠵᠡᠷᠭᠡ ᠣᠯᠠᠨ ᠣᠷᠣᠨ ᠤ ᠲᠠᠮᠢᠷᠴᠢᠳ ᠠᠪᠬᠠᠯᠵᠢ ᠰᠠᠮᠪᠠᠭ᠎ᠠ ᠪᠠᠨ ᠰᠣᠷᠢᠭᠰᠠᠨ ᠠᠴᠠ ᠮᠠᠨ ᠤ ᠪᠠᠭ ᠲᠠᠮᠢᠷᠴᠢᠳ Grand Prix ᠠᠪᠤᠷᠭᠤ ᠶᠢᠨ ᠴᠣᠮᠣ ᠶᠢᠨ ᠡᠵᠡᠨ ᠢᠶᠡᠷ ᠲᠣᠳᠣᠷᠠᠭᠰᠠᠨ ᠪᠠᠶᠢᠨ᠎ᠠ᠃ ᠲᠣᠳᠣᠷᠠᠭᠤᠯᠪᠠᠯ᠂ ᠮᠣᠩᠭᠣᠯ ᠤᠯᠤᠰ ᠢ ᠲᠥᠯᠦᠭᠡᠯᠡᠵᠦ 《ᠬᠠᠨ ᠮᠣᠩᠭᠣᠯ》 ᠮᠣᠷᠢᠲᠠᠨ ᠤ ᠬᠣᠯᠪᠣᠭᠠᠨ ᠤ ᠲᠡᠷᠢᠭᠦᠨ ᠱ∙ᠴᠣᠭᠲᠤᠬᠦᠦ ᠪᠡᠷ ᠠᠬᠠᠯᠠᠭᠤᠯᠤᠭᠰᠠᠨ ᠡ᠊∙ᠡᠷᠳᠡᠨᠢ᠂ ᠫ᠂ ᠫᠦᠷᠪᠤᠸ᠋ᠴᠢᠷ ᠂ ᠣ᠊∙ᠲᠦᠮᠡᠨᠪᠠᠶᠠᠷ ᠭᠡᠰᠡᠨ ᠲᠠᠮᠢᠷᠴᠢᠳ ᠣᠷᠣᠯᠴᠠᠵᠤ᠂ ᠨᠢᠭᠡ ᠠᠯᠲᠠ᠂ ᠳᠥᠷᠪᠡᠨ ᠮᠥᠩᠭᠥ᠂ ᠨᠢᠭᠡ ᠬᠦᠷᠡᠯ ᠮᠧᠳᠠᠯ ᠬᠦᠷᠲᠡᠵᠡᠢ ᠃ ᠪᠠᠭ ᠤᠨ ᠲᠠᠮᠢᠷᠴᠢᠨ ᠡ᠊∙ᠡᠷᠳᠡᠨᠢ ᠭᠠᠭᠴᠠᠭᠠᠷᠴᠢᠯᠠᠭᠰᠠᠨ ᠲᠥᠷᠥᠯ ᠳᠦ ᠨᠢᠭᠡ ᠠᠯᠲᠠ᠂ ᠨᠢᠭᠡ ᠮᠥᠩᠭᠥ᠂ ᠪᠠᠭ ᠤᠨ ᠲᠥᠷᠥᠯ ᠳᠦ ᠨᠢᠭᠡ ᠮᠥᠩᠭᠥᠨ ᠮᠧᠳᠠᠯ ᠠᠪᠤᠭᠰᠠᠨ ᠠᠴᠠ ᠭᠠᠳᠠᠨ᠎ᠠ Grand Prix ᠠᠪᠤᠷᠭᠤ ᠶᠢᠨ ᠴᠣᠮᠣ ᠶᠢ ᠪᠠᠭ ᠲᠤ ᠪᠠᠨ ᠠᠪᠴᠢᠷᠠᠭᠰᠠᠨ ᠶᠤᠮ᠃

ᠰᠡᠳᠬᠢᠭᠳᠡᠯ ᠦᠯᠡᠳᠡᠭᠡᠬᠦ