ᠭ∙ᠠᠷᠢᠭᠤᠨᠪᠠᠭᠠᠲᠤᠷ АСЕМ ᠍ ᠤᠨ ᠴᠢᠭᠤᠯᠭᠠᠨ  ᠳᠤ ᠳᠠᠭᠤᠯᠠᠨ᠎ᠠ | News.MN

ᠭ∙ᠠᠷᠢᠭᠤᠨᠪᠠᠭᠠᠲᠤᠷ АСЕМ ᠍ ᠤᠨ ᠴᠢᠭᠤᠯᠭᠠᠨ  ᠳᠤ ᠳᠠᠭᠤᠯᠠᠨ᠎ᠠ

АСЕМ ᠪᠤᠶᠤ ᠠᠽᠢᠶ᠎ᠠ᠂ ᠧᠦ᠋ᠷᠣᠫᠠ ᠶᠢᠨ ᠣᠷᠣᠨ ᠨᠤᠭᠤᠳ ᠤᠨ ᠳᠡᠭᠡᠳᠦ ᠬᠡᠮᠵᠢᠶᠡᠨ ᠦ 12ᠳ᠋ᠡᠬᠢ ᠤᠳᠠᠭ᠎ᠠ ᠶᠢᠨ ᠴᠢᠭᠤᠯᠭ᠎ᠠ ᠠᠭᠤᠯᠵᠠᠯᠲᠠ ᠮᠠᠷᠭᠠᠰᠢ  ᠪᠸᠯᠭᠢ ᠶᠢᠨ ᠨᠡᠶᠢᠰᠯᠡᠯ  ᠳᠦ ᠡᠬᠢᠯᠡᠨ᠎ᠡ᠃ ᠬᠣᠶᠠᠷ ᠡᠳᠦᠷ ᠦᠷᠭᠦᠯᠵᠢᠯᠡᠬᠦ ᠲᠤᠰ ᠴᠢᠭᠤᠯᠭ᠎ᠠ ᠠᠭᠤᠯᠵᠠᠯᠲᠠ ︽ᠳᠠᠶᠠᠭᠠᠷᠰᠢᠭᠰᠠᠨ ᠰᠣᠷᠢᠯᠲᠠ ᠶᠢᠨ ᠲᠥᠯᠥᠭᠡ ᠳᠡᠯᠡᠬᠡᠢ ᠨᠡᠶᠢᠲᠡ ᠶᠢᠨ ᠲᠦᠩᠰᠢᠯᠡᠯ︾ ᠭᠡᠰᠡᠨ ᠤᠷᠢᠶᠠᠨ ᠳᠣᠣᠷ᠎ᠠ ᠪᠣᠯᠬᠤ ᠶᠤᠮ᠃
ᠡᠨᠡᠬᠦ ᠡᠭᠡᠯᠵᠢᠲᠦ ᠠᠭᠤᠯᠵᠠᠯᠲᠠ ᠶᠢᠨ ᠦᠶ᠎ᠡ ᠪᠡᠷ《ᠴᠢᠩᠭᠢᠰ ᠬᠠᠭᠠᠨ》 ᠤᠳᠤᠨᠲᠤ ᠳᠠᠭᠤᠴᠢᠨ ᠭ∙ᠠᠷᠢᠭᠤᠨᠪᠠᠭᠠᠲᠤᠷ ᠪᠦᠷᠢᠨ ᠬᠡᠮᠵᠢᠶᠡᠨ ᠦ ᠲᠣᠭᠯᠠᠯᠲᠠ ᠪᠠᠨ ᠲᠣᠯᠢᠯᠠᠭᠤᠯᠬᠤ ᠪᠠᠷ ᠪᠣᠯᠵᠠᠢ᠃ АСЕМ ᠍ ᠤᠨ ᠠᠭᠤᠯᠵᠠᠯᠲᠠ ᠶᠢ ᠵᠣᠬᠢᠶᠠᠨ ᠪᠠᠶᠢᠭᠤᠯᠤᠭᠴᠢᠳ ᠲᠡᠭᠦᠨ ᠳᠦ ᠡᠶᠢᠮᠦ ᠰᠠᠨᠠᠯ ᠲᠠᠯᠪᠢᠭᠰᠠᠨ ᠪᠠᠶᠢᠨ᠎ᠠ᠃ ᠡᠨᠡ ᠲᠤᠬᠠᠢ  ᠲᠡᠷᠡ ᠄ ᠡᠬᠡ ᠣᠷᠣᠨ ᠤ ᠪᠠᠨ ᠤᠷᠠᠯᠢᠭ ᠰᠤᠶᠤᠯ᠂ ᠮᠣᠩᠭᠣᠯ ᠬᠦᠮᠦᠨ ᠦ ᠠᠪᠢᠶᠠᠰ ᠴᠢᠳᠠᠪᠤᠷᠢ ᠶᠢ ᠣᠯᠠᠨ ᠤᠯᠤᠰ ᠲᠤ ᠲᠠᠨᠢᠭᠤᠯᠤᠨ ᠰᠤᠷᠲᠠᠯᠴᠢᠯᠠᠬᠤ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠬᠤ ᠭᠡᠵᠤ ᠪᠠᠶᠢᠭ᠎ᠠ ᠤᠴᠢᠷ ᠠᠴᠠ ᠬᠠᠷᠢᠭᠤᠴᠠᠯᠭ᠎ᠠ᠂ ᠳᠣᠭᠳᠣᠯᠤᠯ ᠠᠯᠢ ᠠᠯᠢ ᠨᠢ ᠮᠡᠳᠡᠷᠡᠭᠳᠡᠵᠦ ᠪᠠᠶᠢᠨ᠎ᠠ᠃ ᠲᠤᠰᠠᠯᠠᠵᠤ ᠳᠡᠮᠵᠢᠭᠰᠡᠨ ᠪᠦᠬᠦ ᠬᠦᠮᠦᠰ ᠲᠦ ᠪᠡᠨ ᠪᠠᠶᠠᠷᠯᠠᠯ᠎ᠠ᠃ ᠡᠬᠡ ᠣᠷᠣᠨ ᠤ ᠪᠠᠨ ᠨᠡᠷ᠎ᠡ ᠶᠢ ᠥᠨᠳᠥᠷ ᠲᠦ ᠡᠷᠭᠦᠭᠡᠳ ᠰᠠᠶᠢᠨ ᠲᠣᠭᠯᠠᠯᠲᠠ ᠦᠵᠡᠭᠦᠯᠦᠭᠡᠳ ᠢᠷᠡᠨ᠎ᠡ ᠡ》 ᠬᠡᠮᠡᠨ ᠥᠪᠡᠷ ᠦᠨ ᠴᠠᠬᠢᠮ ᠬᠠᠭᠤᠳᠠᠰᠤ ᠪᠠᠷ ᠳᠠᠮᠵᠢᠭᠤᠯᠤᠨ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2018-10-18 171.66.209.4

sain baina