ᠶᠡᠷᠦᠩᠬᠡᠶᠢᠯᠡᠭᠴᠢ АСЕМ ᠍ ᠤᠨ ᠠᠭᠤᠯᠵᠠᠯᠲᠠ ᠳᠤ ᠣᠷᠣᠯᠴᠠᠬᠤ ᠪᠠᠷ ᠮᠣᠷᠳᠠᠯ᠎ᠠ | News.MN

ᠶᠡᠷᠦᠩᠬᠡᠶᠢᠯᠡᠭᠴᠢ АСЕМ ᠍ ᠤᠨ ᠠᠭᠤᠯᠵᠠᠯᠲᠠ ᠳᠤ ᠣᠷᠣᠯᠴᠠᠬᠤ ᠪᠠᠷ ᠮᠣᠷᠳᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠАСЕМ ᠍ ᠤᠨ ᠠᠭᠤᠯᠵᠠᠯᠲᠠ ᠳᠤ ᠣᠷᠣᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ᠃  10 ᠳ᠋ᠤᠭᠠᠷ ᠰᠠᠷ᠎ᠠ ᠶᠢᠨ 18-19 ᠍ ᠤ ᠡᠳᠦᠷ ᠦᠳ ᠲᠦ ᠪᠧᠯᠬᠢ ᠤᠯᠤᠰ  ᠲᠤ ᠪᠤᠯᠬᠤ ᠠᠽᠢᠶ᠎ᠠ-ᠧᠦ᠋ᠷᠣᠫᠠ ᠶᠢᠨ ᠳᠡᠭᠡᠳᠦ ᠲᠦᠪᠰᠢᠨ ᠦ 12 ᠳ᠋ᠤᠭᠠᠷ ᠠᠭᠤᠯᠵᠠᠯᠲᠠ ᠳᠤ ᠣᠷᠣᠯᠴᠠᠨ᠎ᠠ᠃
《ᠧᠦ᠋ᠷᠣᠫᠠ ᠪᠠ ᠠᠽᠢᠶ᠎ᠠ᠄ ᠳᠡᠯᠡᠬᠡᠢ ᠨᠡᠶᠢᠲᠡ ᠶᠢᠨ ᠡᠮᠦᠨ᠎ᠡ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠦᠭᠡᠬᠢ ᠳᠡᠯᠡᠬᠡᠢ ᠨᠡᠶᠢᠲᠡ ᠶᠢᠨ ᠲᠦᠩᠰᠢᠯᠡᠯ》 ᠰᠡᠳᠦᠪ ᠦᠨ ᠳᠣᠣᠷ᠎ᠠ ᠪᠣᠯᠬᠤ АСЕМ ᠍ ᠤᠨ ᠡᠨᠡ ᠤᠳᠠᠭ᠎ᠠ ᠶᠢᠨ ᠳᠡᠭᠡᠳᠦ ᠲᠦᠪᠰᠢᠨ ᠦ ᠠᠭᠤᠯᠵᠠᠯᠲᠠ ᠪᠠᠷ ᠲᠣᠭᠲᠠᠪᠤᠷᠢᠲᠠᠢ ᠬᠥᠭᠵᠢᠯ ᠢ ᠬᠠᠩᠭᠠᠬᠤ᠂ ᠴᠠᠭ ᠠᠭᠤᠷ ᠤᠨ ᠥᠭᠡᠷᠡᠴᠢᠯᠡᠯᠲᠡ ᠡᠴᠡ ᠡᠭᠦᠳᠬᠦ ᠠᠰᠠᠭᠤᠳᠠᠯ ᠢ ᠳᠠᠪᠠᠨ ᠲᠤᠭᠤᠯᠬᠤ ᠶᠢᠨ ᠲᠤᠯᠠᠳᠠ ᠬᠣᠶᠠᠷ ᠲᠢᠪ ᠬᠣᠭᠣᠷᠣᠨᠳᠣ ᠶᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠤᠶᠠᠯᠳᠤᠭ᠎ᠠ ᠬᠣᠯᠪᠣᠭ᠎ᠠ ᠶᠢ ᠥᠷᠭᠡᠵᠢᠭᠦᠯᠵᠦ᠂ ᠨᠢᠭᠲᠠᠷᠠᠭᠤᠯᠬᠤ ᠠᠰᠠᠭᠤᠳᠠᠯ ᠢ ᠬᠡᠯᠡᠯᠴᠡᠬᠦ ᠶᠤᠮ᠃
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠡᠭᠡᠳᠦ ᠲᠦᠪᠰᠢᠨ ᠦ ᠠᠭᠤᠯᠵᠠᠯᠲᠠ ᠶᠢᠨ ᠨᠡᠭᠡᠭᠡᠯᠲᠡ ᠪᠣᠯᠤᠨ ᠨᠢᠭᠡᠳᠦᠭᠰᠡᠨ ᠬᠤᠷᠠᠯᠳᠤᠭᠠᠨ ᠨᠤᠭᠤᠳ ᠲᠤ ᠮᠠᠨ ᠤ ᠤᠯᠤᠰ ᠤᠨ ᠪᠠᠶᠢᠷᠢ ᠰᠠᠭᠤᠷᠢ ᠶᠢ ᠢᠯᠡᠷᠬᠡᠶᠢᠯᠡᠵᠦ᠂ ᠦᠭᠡ ᠬᠡᠯᠡᠬᠦ ᠶᠢᠨ ᠵᠡᠷᠭᠡᠴᠡᠭᠡ ᠹᠷᠠᠨᠼᠢ ᠶᠢᠨ ᠶᠡᠷᠦᠩᠬᠡᠶᠢᠯᠡᠭᠴᠢ ᠡ᠊∙ᠮᠠᠺᠷᠣᠨ᠂  ᠭᠸᠷᠮᠡᠨ ᠤ ᠺᠠᠨᠴᠠᠯᠧᠷ ᠠ᠊∙ᠮᠧᠷᠺᠧᠯ᠂ ᠤᠩᠭᠠᠷᠢ ᠶᠢᠨ ᠶᠡᠷᠦᠩᠬᠡᠢ ᠰᠠᠶᠢᠳ ᠸ∙ᠣᠷᠣᠪᠠᠨ᠂ ᠸᠢᠶᠧᠲ᠋ᠨᠠᠮ ᠤᠨ ᠶᠡᠷᠦᠩᠬᠡᠢ ᠰᠠᠶᠢᠳ ᠨᠡᠭᠸᠡᠨ ᠰᠤᠨ ᠹᠦᠺ ᠵᠡᠷᠭᠡ АСЕМ ᠍ ᠤᠨ ᠲᠦᠩᠰᠢ ᠣᠷᠣᠨ ᠨᠤᠭᠤᠳ ᠤᠨ ᠲᠥᠷᠥ᠂ ᠵᠠᠰᠠᠭ ᠤᠨ ᠤᠳᠤᠷᠢᠳᠤᠭᠴᠢᠳ᠂ ᠮᠥᠨ ᠧᠦ᠋ᠷᠣᠫᠠ ᠶᠢᠨ ᠬᠣᠯᠪᠣᠭ᠎ᠠ᠂ ᠧᠦ᠋ᠷᠣᠫᠠ ᠶᠢᠨ ᠺᠣᠮᠢᠰ ᠤᠨ ᠤᠳᠤᠷᠢᠳᠤᠯᠭ᠎ᠠ ᠲᠠᠢ ᠬᠣᠶᠠᠷ ᠲᠠᠯ᠎ᠠ ᠶᠢᠨ ᠠᠭᠤᠯᠵᠠᠯᠲᠠ ᠬᠢᠵᠦ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠬᠤ ᠪᠠᠷ ᠲᠥᠯᠥᠪᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ