ᠬᠥᠭᠵᠢᠯ ᠦᠨ ᠪᠠᠩᠬᠢ 500 ᠰᠠᠶ᠎ᠠ ᠳ᠋ᠣᠯᠯᠠᠷ ᠠᠪᠴᠢᠷᠠᠯ᠎ᠠ | News.MN

ᠬᠥᠭᠵᠢᠯ ᠦᠨ ᠪᠠᠩᠬᠢ 500 ᠰᠠᠶ᠎ᠠ ᠳ᠋ᠣᠯᠯᠠᠷ ᠠᠪᠴᠢᠷᠠᠯ᠎ᠠ

ᠤᠯᠤᠰ  ᠤᠨ  ᠶᠡᠬᠡ  ᠬᠤᠷᠠᠯ ᠤᠨ  ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠳᠡᠭᠡᠷ᠎ᠡ  ᠸᠠᠯᠢᠶᠤᠲ ᠤᠨ ᠬᠠᠩᠰᠢ ᠶᠢᠨ ᠲᠠᠯ᠎ᠠ ᠪᠠᠷ ᠮᠣᠩᠭᠣᠯ  ᠪᠠᠩᠭᠢᠨ ᠤ ᠶᠡᠷᠦᠩᠬᠡᠶᠢᠯᠡᠭᠴᠢ ᠨ∙ ᠪᠠᠶᠠᠷᠲᠤᠰᠠᠶᠢᠬᠠᠨ ᠮᠡᠳᠡᠭᠡᠯᠡᠯ ᠬᠢᠵᠦ ᠪᠠᠶᠢᠨ᠎ᠠ᠃  ᠲᠡᠷᠡ  ᠄ ᠨᠢᠭᠡ ᠰᠠᠶᠢᠨ ᠮᠡᠳᠡᠭᠡ ᠳᠤᠭᠤᠯᠭᠠᠮᠠᠷ ᠪᠠᠶᠢᠨ᠎ᠠ᠃  ᠶᠠᠭᠤ ᠭᠡᠬᠦ ᠪᠡᠷ ᠥᠴᠥᠭᠡᠳᠦᠷ ᠰᠥᠨᠢ ᠬᠥᠭᠵᠢᠯ ᠦᠨ ᠪᠠᠩᠬᠢ ᠭᠠᠳᠠᠭᠠᠳᠤ ᠰᠠᠩᠬᠦᠦ ᠶᠢᠨ ᠵᠠᠬ᠎ᠠ ᠵᠡᠭᠡᠯᠢ ᠳᠡᠭᠡᠷ᠎ᠡ ᠡᠴᠡ 500 ᠰᠠᠶ᠎ᠠ ᠳ᠋ᠣᠯᠯᠠᠷ ᠢ ᠲᠠᠪᠤᠨ ᠵᠢᠯ ᠦᠨ ᠬᠤᠭᠤᠴᠠᠭ᠎ᠠ ᠲᠠᠢ ᠵᠢᠯ ᠦᠨ 7.25 ᠬᠤᠪᠢ ᠶᠢᠨ ᠬᠦᠦ ᠲᠡᠢ ᠪᠡᠷ ᠠᠮᠵᠢᠯᠲᠠ ᠲᠠᠢ ᠪᠣᠰᠬᠠᠯ᠎ᠠ᠃ ᠡᠨᠡ ᠪᠣᠯ ᠶᠠᠮᠠᠷ ᠨᠢᠭᠡᠨ ᠵᠠᠰᠠᠭ ᠤᠨ ᠭᠠᠵᠠᠷ ᠤᠨ ᠪᠠᠲᠤᠯᠠᠭ᠎ᠠ ᠦᠭᠡᠢ ᠪᠡᠷ ᠬᠥᠭᠵᠢᠯ ᠦᠨ ᠪᠠᠩᠬᠢ ᠥᠪᠡᠷ ᠢᠶᠡᠨ ᠶᠠᠪᠤᠵᠤ ᠪᠣᠰᠬᠠᠭᠰᠠᠨ ᠮᠥᠩᠭᠥ ᠭᠡᠵᠦ  ᠦᠵᠡᠵᠦ ᠂ ᠮᠣᠩᠭᠣᠯ  ᠪᠠᠩᠬᠢ ᠡᠭᠦᠨ ᠢ  ᠠᠮᠵᠢᠯᠲᠠ ᠭᠡᠵᠦ ᠬᠠᠷᠠᠵᠤ ᠪᠠᠶᠢᠭ᠎ᠠ᠃
ᠡᠨᠡ ᠮᠥᠩᠭᠥ ᠶᠢ ᠪᠣᠰᠬᠠᠭᠰᠠᠨ ᠶᠠᠪᠤᠳᠠᠯ ᠪᠣᠯ ᠮᠠᠨ ᠤ ᠭᠠᠳᠠᠭᠠᠳᠤ  ᠸᠠᠯᠢᠶᠤᠲ ᠤᠨ ᠤᠯᠤᠰ ᠤᠨ ᠨᠥᠭᠡᠴᠡ  ᠳᠤ ᠤᠴᠠᠷᠠᠬᠤ ᠪᠠᠶᠢᠭᠰᠠᠨ ᠳᠠᠷᠤᠮᠲᠠ ᠨᠤᠭᠤᠳ ᠢ ᠲᠣᠳᠣᠷᠬᠠᠢ ᠬᠡᠮᠵᠢᠶ᠎ᠡ ᠪᠡᠷ ᠪᠠᠭᠤᠷᠠᠭᠤᠯᠵᠤ ᠥᠭᠴᠦ ᠪᠠᠶᠢᠨ᠎ᠠ᠃ 2019 ᠣᠨ ᠭᠠᠷᠤᠭᠠᠳ 380 ᠰᠠᠶ᠎ᠠ ᠣᠷᠴᠢᠮ ᠳ᠋ᠣᠯᠯᠠᠷ ᠤᠨ ᠥᠷᠢ ᠤᠯᠭᠤᠬᠤ ᠬᠤᠭᠤᠴᠠᠭ᠎ᠠ᠂ ᠭᠷᠠᠹᠢᠺ ᠨᠢ ᠭᠠᠷᠤᠭᠰᠠᠨ ᠪᠠᠶᠢᠭ᠎ᠠ᠃ ᠬᠤᠭᠤᠴᠠᠭ᠎ᠠ ᠲᠤᠯᠤᠭᠰᠠᠨ ᠥᠷᠢ ᠲᠥᠯᠥᠪᠦᠷᠢ ᠪᠡᠨ ᠪᠠᠷᠠᠭᠳᠠᠭᠤᠯᠬᠤ ᠰᠠᠩᠬᠦᠦ ᠶᠢᠨ ᠡᠬᠢ ᠡᠭᠦᠰᠪᠦᠷᠢ ᠲᠡᠢ ᠪᠣᠯᠵᠤ ᠪᠠᠶᠢᠭ᠎ᠠ ᠨᠢ ᠮᠣᠩᠭᠣᠯ ᠤᠯᠤᠰ ᠤᠨ ᠭᠠᠳᠠᠭᠠᠳᠤ  ᠸᠠᠯᠢᠶᠤᠲ ᠤᠨ ᠨᠦᠭᠡᠴᠡ ᠳᠦ ᠢᠷᠡᠬᠦ ᠳᠠᠷᠤᠮᠲᠠ ᠶᠢ ᠪᠠᠭᠠᠰᠬᠠᠵᠤ ᠪᠠᠶᠢᠨ᠎ᠠ᠃ ᠮᠥᠨ ᠴᠠᠭᠠᠨ᠎ᠠ ᠨᠢ ᠮᠣᠩᠭᠣᠯ ᠲᠥᠭᠥᠷᠢᠭ ᠦᠨ ᠬᠠᠩᠰᠢ ᠶᠢ ᠲᠣᠭᠲᠠᠪᠤᠷᠢᠵᠢᠭᠤᠯᠬᠤ ᠠᠯᠬᠤᠮ ᠪᠣᠯᠤᠯ᠎ᠠ ᠭᠡᠪᠡ᠃

ᠰᠡᠳᠬᠢᠭᠳᠡᠯ ᠦᠯᠡᠳᠡᠭᠡᠬᠦ