ᠳᠤᠮᠳᠠᠭᠤᠪᠢ ᠠᠶᠢᠮᠠᠭ ᠤᠨ ᠪᠠᠶᠢᠭᠠᠯᠢ ᠶᠢᠨ ᠴᠤᠭᠴᠠᠯᠠᠪᠤᠷᠢᠲᠤ ᠭᠠᠵᠠᠷ ᠤᠨ ᠬᠠᠮᠠᠭᠠᠯᠠᠯᠲᠠ ᠶᠢᠨ ᠵᠠᠬᠢᠷᠭᠠᠨ ᠠᠴᠠ ᠰᠤᠶᠤᠯ ᠤᠨ ᠥᠪ ᠦᠨ ᠦᠨᠳᠦᠰᠦᠨ ᠦ ᠲᠥᠪ᠂ ᠤᠮᠠᠷᠠᠳᠤ ᠭᠣᠪᠢ ᠶᠢᠨ ᠭᠦᠪᠡᠭᠡᠲᠦ ᠬᠠᠯᠬ᠎ᠠ ᠶᠢᠨ ᠳᠤᠮᠳᠠᠳᠤ ᠲᠠᠯ᠎ᠠ ᠶᠢᠨ ᠰᠠᠪᠠ ᠭᠠᠵᠠᠷ ᠤᠨ ᠵᠠᠬᠢᠷᠭ᠎ᠠ ᠵᠡᠷᠭᠡ ᠮᠡᠷᠭᠡᠵᠢᠯ ᠦᠨ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠶᠡᠬᠡ ᠭᠠᠵᠠᠷ ᠤᠨ ᠴᠢᠯᠠᠭᠤᠨ ᠤ ᠪᠠᠶᠢᠭᠠᠯᠢ ᠶᠢᠨ ᠴᠤᠭᠴᠠᠯᠠᠪᠤᠷᠢᠲᠤ ᠭᠠᠵᠠᠷ ᠲᠤ ᠠᠭᠤᠢ ᠶᠢᠨ ᠲᠣᠭᠠᠯᠠᠯᠭ᠎ᠠ᠂ ᠤᠰᠤᠲᠤ ᠴᠡᠭ᠂ ᠤᠷᠭᠤᠮᠠᠯ ᠤᠨ ᠪᠣᠯᠤᠨ ᠬᠣᠪᠣᠷ ᠤᠷᠭᠤᠮᠠᠯ ᠤᠨ ᠲᠠᠷᠬᠠᠴᠠ᠂ ᠲᠡᠦᠬᠡ ᠰᠤᠶᠤᠯ ᠤᠨ ᠪᠡᠶᠡᠲᠦ ᠪᠣᠯᠤᠨ ᠪᠡᠶᠡᠲᠦ ᠪᠤᠰᠤ ᠥᠪ᠂ ᠲᠠᠷᠪᠠᠭᠠᠨ ᠤ ᠪᠠᠶᠢᠷᠢᠰᠢᠯ ᠤᠨ ᠴᠣᠭᠴᠠ ᠰᠤᠳᠤᠯᠭ᠎ᠠ ᠬᠢᠵᠡᠢ ᠃
2018 ᠣᠨ ᠳᠤ ᠬᠢᠵᠦ ᠭᠦᠢᠴᠡᠳᠭᠡᠭᠰᠡᠨ ᠰᠤᠳᠤᠯᠭ᠎ᠠ ᠪᠠᠷ ᠨᠡᠶᠢᠲᠡ 115 ᠬᠤᠳᠳᠤᠭ ᠂ 51 ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ᠂ 13 ᠠᠭᠤᠢ᠂ ᠬᠣᠶᠠᠷ ᠬᠠᠪᠴᠢᠯ᠂ ᠭᠤᠷᠪᠠᠨ ᠬᠣᠪᠣᠷ ᠤᠷᠭᠤᠮᠠᠯ ᠤᠨ ᠲᠠᠷᠬᠠᠴᠠ᠂ ᠲᠠᠷᠪᠠᠭᠠᠨ ᠤ ᠪᠠᠶᠢᠷᠢᠰᠢᠯ ᠨᠤᠲᠤᠭ ᠢ ᠲᠣᠭᠲᠠᠭᠠᠵᠤ᠂ ᠡᠷᠭᠢᠯᠲᠡ ᠶᠢᠨ ᠴᠡᠭ ᠢ ᠲᠡᠮᠳᠡᠭᠯᠡᠨ ᠪᠦᠷᠢᠳᠬᠡᠭᠰᠡᠨ ᠪᠠᠶᠢᠨ᠎ᠠ᠃ ᠰᠤᠳᠤᠯᠭ᠎ᠠ ᠬᠢᠭᠰᠡᠨ ᠢᠶᠡᠷ ᠴᠤᠭᠴᠠᠯᠠᠪᠤᠷᠢᠲᠤ ᠭᠠᠵᠠᠷ ᠳᠠᠬᠢ ᠪᠢᠣᠯᠣᠭᠢ ᠶᠢᠨ ᠣᠯᠠᠨ ᠶᠠᠩᠵᠤ ᠪᠠᠶᠢᠳᠠᠯ ᠤᠨ ᠥᠨᠥ ᠶᠢᠨ ᠪᠠᠶᠢᠳᠠᠯ᠂ ᠲᠠᠷᠬᠠᠴᠠ ᠶᠢ ᠲᠣᠳᠣᠷᠬᠠᠶᠢᠯᠠᠬᠤ ᠶᠢᠨ ᠵᠡᠷᠭᠡᠴᠡᠭᠡ ᠴᠢᠨᠠᠭᠰᠢᠳᠠ ᠬᠠᠮᠠᠭᠠᠯᠠᠯ ᠤᠨ ᠦᠢᠯᠡ ᠠᠵᠢᠯᠯᠠᠭ᠎ᠠ ᠶᠢ ᠲᠥᠯᠥᠪᠯᠡᠬᠦ᠂ ᠮᠡᠳᠡᠭᠡᠯᠡᠯ ᠦᠨ ᠪᠠᠭᠠᠽ ᠲᠠᠢ ᠪᠣᠯᠬᠤ ᠵᠡᠷᠭᠡ ᠣᠯᠠᠨ ᠲᠠᠯ᠎ᠠ ᠶᠢᠨ ᠠᠴᠢ ᠬᠣᠯᠪᠣᠭᠳᠠᠯ ᠲᠠᠢ ᠠᠵᠡᠢ᠃