《ᠵᠠᠯᠠᠭᠤᠴᠤᠳ ᠰᠤᠳᠤᠯᠤᠯ 2018 》ᠣᠶᠤᠲᠠᠨ ᠤ ᠬᠤᠷᠠᠯ ᠪᠣᠯᠤᠨ᠎ᠠ | News.MN

《ᠵᠠᠯᠠᠭᠤᠴᠤᠳ ᠰᠤᠳᠤᠯᠤᠯ 2018 》ᠣᠶᠤᠲᠠᠨ ᠤ ᠬᠤᠷᠠᠯ ᠪᠣᠯᠤᠨ᠎ᠠ

ᠨᠡᠶᠢᠰᠯᠡᠯ ᠦᠨ ᠵᠠᠰᠠᠭ ᠳᠠᠷᠤᠭ᠎ᠠ ᠶᠢᠨ ᠬᠡᠷᠡᠭᠵᠢᠭᠦᠯᠦᠭᠴᠢ ᠠᠭᠧᠨᠲᠯᠢᠭ ᠵᠠᠯᠠᠭᠤᠴᠤᠳ ᠤᠨ ᠬᠥᠭᠵᠢᠯ ᠦᠨ ᠭᠠᠵᠠᠷ ᠨᠢ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠭᠡᠷ ᠪᠦᠯᠢ ᠬᠡᠦᠬᠡᠳ ᠵᠠᠯᠠᠭᠤᠴᠤᠳ ᠤᠨ ᠬᠥᠭᠵᠢᠯ ᠦᠨ ᠭᠠᠵᠠᠷ᠂ ᠰᠠᠩᠬᠦᠦ ᠡᠳ᠋ ᠍ ᠦᠨ ᠵᠠᠰᠠᠭ ᠤᠨ ᠶᠡᠬᠡ ᠰᠤᠷᠭᠠᠭᠤᠯᠢ ᠲᠠᠢ ᠬᠠᠮᠲᠤᠷᠠᠨ ︽ᠵᠠᠯᠠᠭᠤᠴᠤᠳ ᠰᠤᠳᠤᠯᠤᠯ 2018︾ ᠣᠶᠤᠲᠠᠨ ᠤ ᠡᠷᠳᠡᠮ ᠰᠢᠨᠵᠢᠯᠡᠭᠡᠨ ᠦ ᠪᠠᠭ᠎ᠠ ᠬᠤᠷᠠᠯ ᠢ ᠬᠣᠶᠠᠷ ᠦᠶ᠎ᠡ ᠱᠠᠲᠤ ᠲᠠᠢ ᠵᠣᠬᠢᠶᠠᠨ ᠪᠠᠶᠢᠭᠤᠯᠵᠤ ᠪᠠᠶᠢᠨ᠎ᠠ᠃ ᠡᠷᠳᠡᠮ ᠰᠢᠨᠵᠢᠯᠡᠭᠡᠨ ᠦ ᠪᠠᠭ᠎ᠠ ᠬᠤᠷᠠᠯ ᠨᠢ ᠵᠠᠯᠠᠭᠤᠴᠤᠳ ᠤᠨ ᠬᠥᠭᠵᠢᠯ᠂ ᠪᠣᠯᠪᠠᠰᠤᠷᠠᠯ᠂ ᠰᠤᠶᠤᠯ᠂ ᠤᠷᠠᠯᠢᠭ᠂ ᠰᠫᠣᠷᠲ᠂ ᠰᠢᠨᠵᠢᠯᠡᠬᠦ ᠤᠬᠠᠭᠠᠨ᠂ ᠡᠷᠡᠭᠦᠯ ᠮᠡᠨᠳᠦ᠂ ᠬᠥᠳᠡᠯᠮᠦᠷᠢ ᠡᠷᠬᠢᠯᠡᠯᠲᠡ᠂ ᠠᠶᠤᠯ ᠦᠭᠡᠢ ᠠᠮᠢᠳᠤᠷᠠᠬᠤ᠂ ᠬᠥᠭᠵᠢᠬᠦ ᠣᠷᠴᠢᠨ ᠭᠡᠰᠡᠨ ᠰᠡᠳᠦᠪ ᠦᠳ ᠦᠨ ᠬᠦᠷᠢᠶᠡᠨ ᠳᠦ ᠵᠣᠬᠢᠶᠠᠨ ᠪᠠᠶᠢᠭᠤᠯᠤᠭᠳᠠᠬᠤ ᠪᠥᠭᠡᠳ ᠤᠷᠤᠯᠴᠠᠬᠤ ᠪᠦᠲᠦᠭᠡᠯ ᠦᠳ ᠢ 2018 ᠣᠨ ᠤ 10 ᠳ᠋ᠤᠭᠠᠷ ᠰᠠᠷ᠎ᠠ ᠶᠢᠨ 17 ᠍ ᠤ ᠡᠳᠦᠷ ᠡᠴᠡ ᠡᠬᠢᠯᠡᠨ 11 ᠳ᠋ᠤᠭᠡᠷ ᠰᠠᠷ᠎ᠠ ᠶᠢᠨ 14 ᠍ ᠦ ᠡᠳᠦᠷ ᠦᠨ 18᠄00 ᠴᠠᠭ ᠬᠦᠷᠲᠡᠯ᠎ᠡ ᠨᠡᠶᠢᠰᠯᠡᠯ ᠦᠨ ᠵᠠᠯᠠᠭᠤᠴᠤᠳ ᠤᠨ ᠬᠥᠭᠵᠢᠯ ᠦᠨ ᠭᠠᠵᠠᠷ ᠤᠨ 204  ᠲᠤᠭᠠᠲᠤ ᠳᠤ ᠬᠦᠯᠢᠶᠡᠨ ᠠᠪᠤᠨ᠎ᠠ᠃
ᠵᠠᠯᠠᠭᠤᠴᠤᠳ ᠤᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠨ ᠰᠢᠢᠳᠦᠯ ᠢ ᠲᠣᠳᠣᠷᠬᠠᠶᠢᠯᠠᠬᠤ᠂ ᠣᠶᠤᠲᠠᠨ ᠵᠠᠯᠠᠭᠤᠴᠤᠳ ᠤᠨ ᠣᠨᠣᠯ ᠫᠷᠠᠺᠲ᠋ᠢᠭ ᠤᠨ ᠮᠡᠳᠡᠯᠭᠡ ᠶᠢ ᠨᠡᠮᠡᠭᠳᠡᠭᠦᠯᠬᠦ᠂ ᠪᠦᠲᠦᠭᠡᠯᠴᠢ ᠰᠡᠳᠬᠢᠯᠭᠡ ᠶᠢ ᠬᠥᠭᠵᠢᠭᠦᠯᠬᠦ᠂ ᠲᠡᠳᠡᠨ ᠦ ᠰᠤᠳᠤᠯᠭ᠎ᠠ ᠰᠢᠨᠵᠢᠯᠡᠭᠡᠨ ᠦ ᠠᠵᠢᠯ ᠢ ᠳᠡᠮᠵᠢᠬᠦ᠂ ᠦᠷ᠎ᠡ  ᠳ᠋ᠦᠩ  ᠢ ᠨᠢ ᠣᠯᠠᠨ ᠨᠡᠶᠢᠲᠡ ᠳᠦ ᠲᠠᠨᠢᠭᠤᠯᠬᠤ᠂ ᠨᠡᠶᠢᠭᠡᠮ ᠳᠦ ᠵᠠᠯᠠᠭᠤᠴᠤᠳ ᠤᠨ ᠣᠷᠣᠯᠴᠠᠭ᠎ᠠ ᠶᠢ ᠬᠠᠩᠭᠠᠬᠤ᠂ ᠵᠠᠯᠠᠭᠤᠴᠤᠳ ᠰᠤᠳᠤᠯᠤᠯ ᠢ ᠬᠥᠭᠵᠢᠭᠦᠯᠬᠦ ᠵᠣᠷᠢᠯᠭ᠎ᠠ ᠲᠠᠢ ᠡᠷᠳᠡᠮ ᠰᠢᠨᠵᠢᠯᠡᠭᠡᠨ ᠦ ᠪᠠᠭ᠎ᠠ ᠬᠤᠷᠠᠯ ᠨᠢ ᠶᠡᠬᠡ ᠳᠡᠭᠡᠳᠦ ᠰᠤᠷᠭᠠᠭᠤᠯᠢ ᠶᠢᠨ ᠣᠶᠤᠲᠠᠨ᠂ ᠵᠠᠯᠠᠭᠤᠴᠤᠳ ᠤᠨ ᠳᠤᠮᠳᠠ ᠨᠡᠭᠡᠭᠡᠯᠲᠡ ᠲᠡᠢ ᠪᠣᠯᠬᠤ ᠶᠤᠮ ᠃

ᠰᠡᠳᠬᠢᠭᠳᠡᠯ ᠦᠯᠡᠳᠡᠭᠡᠬᠦ

4 ᠰᠡᠳᠬᠢᠭᠳᠡᠯ

Avatar

Н. Батмөнх 2018-10-19 202.70.42.102

монгол

Avatar

Н. Батмөнх 2018-10-19 202.70.42.102

монгол

Avatar

Н. Батмөнх 2018-10-19 202.70.42.102

монгол

Avatar

Н. Батмөнх 2018-10-19 202.70.42.102

монгол