ᠨᠤᠷᠸᠠᠢ ᠶᠢᠨ ᠬᠠᠭᠠᠨᠲᠤ ᠤᠯᠤᠰ ᠤᠨ ᠶᠡᠷᠦᠩᠬᠡᠢ ᠰᠠᠶᠢᠳ ᠲᠠᠢ ᠠᠭᠤᠯᠵᠠᠯ᠎ᠠ | News.MN

ᠨᠤᠷᠸᠠᠢ ᠶᠢᠨ ᠬᠠᠭᠠᠨᠲᠤ ᠤᠯᠤᠰ ᠤᠨ ᠶᠡᠷᠦᠩᠬᠡᠢ ᠰᠠᠶᠢᠳ ᠲᠠᠢ ᠠᠭᠤᠯᠵᠠᠯ᠎ᠠ

ᠠᠽᠢᠶ᠎ᠠ ᠧᠦ᠋ᠷᠣᠫᠠ ᠶᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠣᠷᠣᠯᠴᠠᠵᠤ ᠪᠠᠶᠢᠭ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠪᠤᠰᠤᠳ ᠣᠷᠣᠨ ᠨᠤᠭᠤᠳ ᠤᠨ ᠲᠥᠷᠥ ᠵᠠᠰᠠᠭ ᠤᠨ ᠲᠡᠷᠢᠭᠦᠨ ᠨᠠᠷ ᠲᠠᠢ ᠬᠢᠬᠦ ᠠᠭᠤᠯᠵᠠᠯᠲᠠ ᠨᠤᠭᠤᠳ ᠦᠷᠭᠦᠯᠵᠢᠯᠡᠵᠦ᠂ ᠥᠴᠥᠭᠡᠳᠦᠷ ᠦᠳᠡ ᠡᠴᠡ ᠬᠣᠶᠢᠰᠢ ᠨᠤᠷᠸᠠᠢ ᠶᠢᠨ ᠬᠠᠭᠠᠨᠲᠤ ᠤᠯᠤᠰ ᠤᠨ ᠶᠡᠷᠦᠩᠬᠡᠢ ᠰᠠᠶᠢᠳ ᠡᠷᠨᠠ ᠰᠤᠯᠪᠸᠷᠡᠭ ᠢ ᠬᠦᠯᠢᠶᠡᠨ ᠠᠪᠴᠤ ᠠᠭᠤᠯᠵᠠᠯ᠎ᠠ ᠃ ᠨᠤᠷᠸᠠᠢ ᠶᠢᠨ ᠶᠡᠷᠦᠩᠬᠡᠢ ᠰᠠᠶᠢᠳ ᠡᠷᠨᠠ ᠰᠤᠯᠪᠸᠷᠡᠭ ᠮᠣᠩᠭᠣᠯ ᠤᠯᠤᠰ ᠤᠨ ᠶᠡᠷᠦᠩᠬᠡᠶᠢᠯᠡᠭᠴᠢ  ᠶᠢᠨ ᠬᠦᠯᠢᠶᠡᠨ ᠠᠪᠴᠤ ᠠᠭᠤᠯᠵᠠᠵᠤ᠂ ᠬᠣᠶᠠᠷ ᠤᠯᠤᠰ ᠤᠨ ᠬᠠᠮᠲᠤ ᠶᠢᠨ ᠠᠵᠢᠯᠯᠠᠭᠠᠨ ᠤ ᠴᠢᠭᠯᠡᠯ ᠢᠶᠡᠷ ᠶᠠᠷᠢᠯᠴᠠᠬᠤ ᠪᠣᠯᠤᠮᠵᠢ ᠣᠯᠭᠤᠭᠰᠠᠨ ᠳᠤ ᠲᠠᠯᠠᠷᠬᠠᠯ ᠢᠯᠡᠷᠬᠡᠶᠢᠯᠡᠭᠡᠳ ᠬᠦᠮᠦᠨ ᠠᠮᠠ ᠴᠥᠭᠡᠨ ᠲᠡᠢ᠂ ᠳᠡᠯᠡᠬᠡᠢ ᠳᠦ ᠵᠢᠵᠢᠭ ᠭᠡᠭᠳᠡᠳᠡᠭ ᠬᠣᠶᠠᠷ ᠤᠯᠤᠰ ᠲᠤ ᠢᠵᠢᠯ᠂ ᠲᠥᠰᠲᠡᠢ ᠲᠠᠯ᠎ᠠ ᠨᠤᠭᠤᠳ  ᠴᠥᠭᠡᠨ ᠦᠭᠡᠢ ᠪᠠᠶᠢᠭ᠎ᠠ ᠶᠢ  ᠣᠨᠴᠠᠯᠠᠨ ᠶᠠᠷᠢᠪᠠ ᠃ ᠬ∙ᠪᠠᠲᠤᠲᠤᠯᠭ᠎ᠠ ᠨᠤᠷᠸᠠᠢ ᠶᠢᠨ ᠪᠠᠶᠠᠯᠢᠭ ᠤᠨ ᠰᠠᠩ ᠤᠨ ᠲᠠᠯ᠎ᠠ ᠪᠠᠷ ᠶᠡᠬᠡᠬᠡᠨ ᠰᠣᠨᠢᠷᠬᠠᠵᠤ᠂ ᠲᠤᠰ ᠤᠯᠤᠰ ᠤᠨ ᠪᠠᠶᠠᠯᠢᠭ ᠤᠨ ᠰᠠᠩ ᠤᠨ ᠲᠤᠷᠰᠢᠯᠭ᠎ᠠ᠂ ᠦᠢᠯᠡ ᠠᠵᠢᠯᠯᠠᠭ᠎ᠠ ᠶᠢ ᠰᠤᠳᠤᠯᠵᠤ᠂ ᠮᠣᠩᠭᠣᠯ ᠤᠯᠤᠰ ᠲᠤ ᠬᠡᠷᠡᠭᠵᠢᠭᠦᠯᠬᠦ ᠪᠣᠯᠤᠮᠵᠢ ᠪᠠᠶᠢᠭ᠎ᠠ ᠡᠰᠡᠬᠦ ᠲᠠᠯ᠎ᠠ ᠪᠠᠷ ᠠᠰᠠᠭᠤᠵᠤ᠂ ᠲᠣᠳᠣᠷᠠᠭᠤᠯᠤᠭᠰᠠᠨ ᠶᠤᠮ᠃ ᠲᠣᠳᠣᠷᠬᠠᠢ ᠵᠠᠷᠢᠮ ᠰᠠᠯᠪᠤᠷᠢ ᠳᠤ ᠨᠤᠷᠸᠠᠢ ᠤᠯᠤᠰ ᠤᠨ ᠲᠧᠭᠨᠣᠯᠣᠭᠢ ᠶᠢ ᠨᠡᠪᠲᠡᠷᠡᠭᠦᠯᠬᠦ ᠪᠣᠯᠤᠮᠵᠢ ᠪᠠᠶᠢᠭ᠎ᠠ ᠪᠥᠭᠡᠳ ᠲᠡᠷᠡ ᠳᠤᠮᠳᠠ ᠪᠠᠨ ᠬᠥᠳᠡᠭᠡ ᠠᠵᠤ ᠠᠬᠤᠢ ᠶᠢᠨ ᠭᠠᠷᠤᠯ ᠲᠠᠢ ᠲᠦᠭᠦᠬᠡᠢ ᠡᠳ᠋ ᠍ ᠢᠶᠡᠷ ᠪᠦᠲᠦᠭᠡᠭᠳᠡᠬᠦᠨ ᠦᠢᠯᠡᠳᠪᠦᠷᠢᠯᠡᠵᠦ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠶᠢᠨ ᠵᠠᠬ᠎ᠠ ᠵᠡᠭᠡᠯᠢ ᠳᠦ ᠨᠡᠶᠢᠯᠡᠭᠦᠯᠬᠦ ᠪᠣᠯᠤᠮᠵᠢ ᠪᠠᠶᠢᠭ᠎ᠠ ᠭᠡᠵᠦ ᠦᠵᠡᠵᠦ ᠪᠤᠢ ᠪᠠᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠬᠡᠯᠡᠯ᠎ᠡ᠃ ᠮᠥᠨ ᠡᠨᠡ ᠨᠢ ᠬᠣᠶᠠᠷ ᠤᠯᠤᠰ ᠤᠨ ᠵᠠᠯᠠᠭᠤ ᠪᠢᠽᠢᠨᠧᠰᠮᠸᠨ  ᠨᠤᠭᠦᠳ  ᠢ ᠳᠡᠮᠵᠢᠬᠦ ᠲᠣᠮᠣᠬᠠᠨ ᠪᠣᠯᠤᠮᠵᠢ ᠬᠡᠮᠡᠨ ᠦᠵᠡᠵᠦ ᠪᠠᠶᠢᠭ᠎ᠠ ᠪᠠᠨ ᠳᠤᠷᠠᠳᠤᠭᠰᠠᠨ ᠶᠤᠮ᠃

ᠰᠡᠳᠬᠢᠭᠳᠡᠯ ᠦᠯᠡᠳᠡᠭᠡᠬᠦ