ᠤᠭ᠍ᠶᠤᠲᠤᠯᠤᠭᠠᠢ ᠳᠠᠯᠳᠠ ᠠᠭᠤᠷᠬᠠᠢ ᠶᠢᠨ ᠭᠠᠯ ᠤᠨ ᠠᠰᠠᠭᠤᠳᠠᠯ  ᠢ ᠰᠤᠳᠤᠯᠵᠤ ᠪᠠᠶᠢᠨ᠎ᠠ | News.MN

ᠤᠭ᠍ᠶᠤᠲᠤᠯᠤᠭᠠᠢ ᠳᠠᠯᠳᠠ ᠠᠭᠤᠷᠬᠠᠢ ᠶᠢᠨ ᠭᠠᠯ ᠤᠨ ᠠᠰᠠᠭᠤᠳᠠᠯ  ᠢ ᠰᠤᠳᠤᠯᠵᠤ ᠪᠠᠶᠢᠨ᠎ᠠ

ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠰᠠᠶᠢᠳ ᠳ ∙ ᠰᠤᠮᠢᠶᠠᠪᠠᠽᠠᠷ ᠤᠭ᠍ᠶᠤᠲᠤᠯᠤᠭᠠᠢ  ᠺᠤᠮᠫᠠᠨᠢ ᠶᠢᠨ ᠭᠦᠢᠴᠡᠳᠭᠡᠬᠦ ᠵᠠᠬᠢᠷᠤᠯ  ᠠᠷᠮᠠᠨᠳᠤ᠋ ᠲᠣᠷᠷᠧᠰ ᠲᠠᠢ ᠠᠭᠤᠯᠵᠠᠭᠰᠠᠨ ᠪᠠᠶᠢᠨ᠎ᠠ᠃ ᠡᠨᠡ ᠦᠶ᠎ᠡ ᠪᠡᠷ ᠠᠷᠮᠠᠨᠳᠤ᠋ ᠲᠣᠷᠷᠧᠰ ᠤᠭ᠍ᠶᠤᠲᠤᠯᠤᠭᠠᠢ ᠶᠢᠨ ᠭᠦᠨ ᠦ ᠠᠭᠤᠷᠬᠠᠢ ᠳᠤ ᠭᠠᠷᠤᠭᠰᠠᠨ ᠭᠠᠯ ᠤᠨ ᠰᠢᠯᠲᠠᠭᠠᠨ ᠢ ᠲᠣᠭᠲᠠᠭᠠᠬᠤ ᠪᠠᠷ ᠬᠣᠯᠪᠣᠭᠳᠠᠬᠤ ᠪᠠᠶᠢᠭᠤᠯᠤᠯᠭ᠎ᠠ ᠪᠣᠯᠤᠨ ᠠᠦᠢᠰᠲᠷᠠᠯᠢᠶ᠎ᠠ ᠠᠴᠠ ᠮᠡᠷᠭᠡᠵᠢᠯ ᠦᠨ ᠲᠤᠰᠬᠠᠢ ᠪᠠᠭ ᠢᠷᠡᠵᠦ ᠠᠵᠢᠯᠯᠠᠵᠤ ᠪᠠᠶᠢᠭ᠎ᠠ ᠶᠢ ᠣᠨᠴᠠᠯᠠᠵᠠᠢ᠃ ᠳ∙ᠰᠤᠮᠢᠶᠠᠪᠠᠽᠠᠷ ᠤᠭ᠍ᠶᠤᠲᠤᠯᠤᠭᠠᠢ ᠲᠥᠰᠥᠯ ᠦᠨ ᠦᠢᠯᠡ ᠠᠵᠢᠯᠯᠠᠭ᠎ᠠ ᠶᠢ ᠬᠠᠷᠢᠯᠴᠠᠨ ᠣᠶᠢᠯᠠᠭᠠᠯᠴᠠᠯ᠂ ᠢᠲᠡᠭᠡᠯᠴᠡᠯ᠂ ᠬᠠᠷᠢᠯᠴᠠᠨ ᠠᠰᠢᠭᠲᠠᠢ ᠪᠠᠶᠢᠬᠤ ᠵᠠᠷᠴᠢᠮ ᠳᠤ ᠲᠤᠯᠭᠠᠭᠤᠷᠢᠯᠠᠨ ᠴᠢᠨᠠᠭᠰᠢᠳᠠ ᠲᠠᠰᠤᠷᠠᠯᠲᠠ ᠦᠭᠡᠢ ᠦᠷᠭᠦᠯᠵᠢᠯᠡᠭᠦᠯᠬᠦ ᠨᠢ ᠵᠦᠢᠲᠡᠢ ᠭᠡᠵᠦ ᠮᠡᠳᠡᠭᠳᠡᠭᠰᠡᠨ ᠪᠠᠶᠢᠨ᠎ᠠ᠃
ᠡᠨᠡ ᠳᠣᠯᠣᠭ᠎ᠠ ᠬᠣᠨᠣᠭ ᠲᠤ Rio Tinto ᠺᠣᠮᠫᠠᠨᠢ ᠭᠠᠵᠠᠷ ᠤᠨ ᠨᠥᠬᠥᠴᠡᠯ ᠪᠠᠶᠢᠳᠠᠯ᠂ ᠪᠣᠰᠤᠭ᠎ᠠ ᠠᠮᠠᠨ ᠤ ᠨᠡᠪᠲᠡᠷᠡᠯᠲᠡ ᠵᠡᠷᠭᠡ ᠳᠦ ᠤᠴᠠᠷᠠᠵᠤ ᠪᠤᠢ ᠰᠣᠷᠢᠯᠲᠠ ᠨᠤᠭᠤᠳ ᠠᠴᠠ ᠪᠣᠯᠵᠤ ᠳᠠᠯᠳᠠ ᠠᠭᠤᠷᠬᠠᠢ ᠶᠢᠨ ᠦᠢᠯᠡᠳᠪᠦᠷᠢᠯᠡᠯ ᠡᠬᠢᠯᠡᠬᠦ ᠬᠤᠭᠤᠴᠠᠭ᠎ᠠ ᠬᠣᠶᠢᠰᠢᠯᠠᠭᠳᠠᠵᠤ ᠮᠠᠭᠠᠳ ᠦᠭᠡᠢ ᠶᠢ ᠮᠡᠳᠡᠭᠡᠯᠡᠭᠰᠡᠨ ᠪᠢᠯᠡ᠃ Turquoise Hill Resources ᠺᠣᠮᠫᠠᠨᠢ ᠠᠴᠠ ᠳᠠᠯᠳᠠ ᠠᠭᠤᠷᠬᠠᠢ ᠶᠢᠨ ᠦᠢᠯᠡᠳᠪᠦᠷᠢᠯᠡᠯ ᠢ 2021 ᠣᠨ ᠤ ᠨᠢᠭᠡᠳᠦᠭᠡᠷ ᠤᠯᠠᠷᠢᠯ ᠤᠨ ᠡᠬᠢ ᠪᠡᠷ ᠡᠬᠢᠯᠡᠭᠦᠯᠬᠦ ᠪᠡᠷ ᠪᠠᠶᠢᠭᠰᠠᠨ ᠢ  ᠭᠤᠷᠪᠠᠳᠤᠭᠠᠷ ᠤᠯᠠᠷᠢᠯ ᠤᠨ ᠰᠡᠭᠦᠯᠴᠢ ᠦᠶ᠎ᠡ ᠪᠣᠯᠭᠠᠨ ᠬᠤᠶᠢᠰᠢᠯᠠᠭᠤᠯᠬᠤ ᠲᠥᠯᠥᠪᠲᠡᠢ ᠪᠠᠶᠢᠨ᠎ᠠ ᠭᠡᠵᠦ ᠮᠡᠳᠡᠭᠳᠡᠵᠡᠢ᠃

ᠰᠡᠳᠬᠢᠭᠳᠡᠯ ᠦᠯᠡᠳᠡᠭᠡᠬᠦ