ᠤᠯᠠᠭᠠᠨᠪᠠᠭᠠᠲᠤᠷ ᠲᠢᠶᠠᠨᠵᠢᠨ ᠤ ᠬᠠᠮᠲᠤ ᠶᠢᠨ ᠠᠵᠢᠯᠯᠠᠭᠠᠨ ᠳᠤ ᠰᠢᠨ᠎ᠡ ᠵᠠᠮ ᠭᠠᠷᠭᠠᠯ᠎ᠠ | News.MN

ᠤᠯᠠᠭᠠᠨᠪᠠᠭᠠᠲᠤᠷ ᠲᠢᠶᠠᠨᠵᠢᠨ ᠤ ᠬᠠᠮᠲᠤ ᠶᠢᠨ ᠠᠵᠢᠯᠯᠠᠭᠠᠨ ᠳᠤ ᠰᠢᠨ᠎ᠡ ᠵᠠᠮ ᠭᠠᠷᠭᠠᠯ᠎ᠠ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠺᠤᠮᠮᠤᠨᠢᠰᠲ ᠨᠠᠮ ᠤᠨ ᠲᠥᠪ ᠬᠣᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠢᠶᠠᠨᠵᠢᠨ ᠬᠣᠲᠠ ᠶᠢᠨ ᠨᠠᠮ ᠤᠨ ᠬᠣᠷᠢᠶᠠᠨ ᠤ ᠳᠠᠷᠤᠭ᠎ᠠ ᠯᠢ ᠬᠤᠩ ᠵᠦᠩ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ᠃ ᠨᠣᠶᠠᠨ ᠯᠢ ᠬᠤᠩ ᠵᠦᠩ ᠮᠣᠩᠭᠣᠯ ᠤᠯᠤᠰ ᠤᠨ ᠶᠡᠷᠦᠩᠬᠡᠢ ᠰᠠᠶᠢᠳ ᠲᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ  ᠵᠢᠨ ᠫᠢᠩ ᠪᠣᠯᠤᠨ ᠲᠥᠷᠥ ᠶᠢᠨ ᠵᠥᠪᠯᠡᠯ ᠦᠨ ᠶᠡᠷᠦᠩᠬᠡᠢ ᠰᠠᠶᠢᠳ ᠯᠢ  ᠺᠸ  ᠴᠢᠶᠠᠩ ᠨᠠᠷ ᠤᠨ ᠮᠡᠨᠳᠦᠴᠢᠯᠡᠭᠡ ᠶᠢ ᠤᠯᠠᠮᠵᠢᠯᠠᠪᠠ᠃ ᠡᠨᠡ ᠤᠳᠠᠭ᠎ᠠ ᠶᠢᠨ ᠠᠶᠢᠯᠴᠢᠯᠠᠯ ᠵᠠᠰᠠᠭ ᠤᠨ ᠭᠠᠵᠠᠷ ᠬᠣᠭᠣᠷᠣᠨᠳᠣ ᠶᠢᠨ ᠬᠠᠷᠢᠯᠴᠠᠭᠠᠨ ᠳᠤ ᠠᠬᠢᠴᠠ ᠳᠡᠪᠰᠢᠯ ᠠᠪᠴᠢᠷᠠᠭᠰᠠᠨ᠂ ᠡᠮᠦᠨᠡᠬᠢ  ᠠᠶᠢᠯᠴᠢᠯᠠᠯ ᠤᠳ ᠢᠶᠠᠷ ᠬᠠᠷᠢᠯᠴᠠᠨ ᠲᠣᠬᠢᠷᠠᠯᠴᠠᠭᠰᠠᠨ ᠵᠦᠢᠯᠡᠰ ᠢ ᠠᠵᠢᠯ ᠬᠡᠷᠡᠭ ᠪᠣᠯᠭᠠᠬᠤ ᠳᠤ ᠴᠢᠬᠤᠯᠠ ᠠᠴᠢ ᠬᠣᠯᠪᠣᠭᠳᠠᠯ ᠲᠠᠢ ᠭᠡᠳᠡᠭ ᠢ ᠶᠡᠷᠦᠩᠬᠡᠢ ᠰᠠᠶᠢᠳ ᠤ᠊∙ᠬᠦᠷᠡᠯᠰᠦ᠋ᠬᠡ ᠠᠭᠤᠯᠵᠠᠯᠲᠠ ᠶᠢᠨ ᠡᠬᠢᠨ ᠳᠦ ᠴᠣᠬᠣᠨ ᠲᠡᠮᠳᠡᠭᠯᠡᠪᠡ ᠃《ᠪᠥᠰᠡ ᠪᠠ ᠵᠠᠮ 》 ᠬᠥᠲᠥᠯᠪᠦᠷᠢ᠂ ᠮᠣᠩᠭᠣᠯ᠂ ᠬᠢᠲᠠᠳ ᠂ ᠣᠷᠣᠰ ᠬᠣᠭᠣᠷᠣᠨᠳᠣ ᠡᠳ᠋ ᠍ ᠦᠨ ᠵᠠᠰᠠᠭ ᠤᠨ ᠺᠣᠷᠢᠳᠣᠷ ᠪᠠᠶᠢᠭᠤᠯᠬᠤ ᠨᠢ ᠢᠯᠡᠭᠦᠦ ᠶᠡᠬᠡ ᠬᠢᠴᠢᠶᠡᠯ ᠵᠢᠳᠬᠦᠯ ᠬᠠᠮᠲᠤ ᠶᠢᠨ ᠠᠵᠢᠯᠯᠠᠭ᠎ᠠ ᠶᠢ ᠱᠠᠭᠠᠷᠳᠠᠵᠤ ᠪᠠᠶᠢᠭ᠎ᠠ ᠶᠢ ᠲᠠᠯ᠎ᠠ ᠨᠤᠭᠤᠳ ᠰᠠᠨᠠᠯ ᠨᠢᠭᠡᠲᠡᠢ ᠬᠦᠯᠢᠶᠡᠨ ᠵᠦᠪᠰᠢᠶᠡᠷᠡᠪᠡ᠃

ᠮᠠᠨ ᠤ ᠬᠣᠶᠠᠷ ᠣᠷᠣᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠪᠣᠯᠬᠤ ᠭᠡᠵᠦ ᠪᠤᠢ ᠡᠨᠡ ᠦᠶ᠎ᠡ ᠳᠦ ᠠᠽᠢᠶ᠎ᠠ ᠶᠢᠨ ᠪᠥᠰᠡ ᠨᠤᠲᠤᠭ ᠤᠨ ᠡᠭᠦᠳᠡ ᠬᠠᠭᠠᠯᠭ᠎ᠠ ᠪᠣᠯᠤᠭᠰᠠᠨ ᠲᠢᠶᠠᠨᠵᠢᠨ ᠬᠣᠲᠠ ᠲᠠᠢ ᠪᠦᠬᠦ ᠲᠠᠯ᠎ᠠ ᠪᠠᠷ ᠲᠡᠷᠡ ᠳᠤᠮᠳᠠ ᠳᠤ ᠪᠠᠨ ᠬᠤᠳᠠᠯᠳᠤᠭ᠎ᠠ ᠡᠳ᠋ ᠍ ᠦᠨ ᠵᠠᠰᠠᠭ ᠤᠨ ᠬᠠᠷᠢᠯᠴᠠᠭ᠎ᠠ ᠪᠠᠨ ᠥᠷᠭᠡᠵᠢᠭᠦᠯᠵᠦ᠂ ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠬᠦ ᠵᠣᠷᠢᠯᠲᠠ ᠲᠠᠯᠪᠢᠵᠤ᠂ ᠮᠣᠩᠭᠣᠯ ᠲᠢᠶᠠᠨᠵᠢᠨ ᠤ ᠳ᠋ᠦᠩᠵᠢᠶᠠᠩ ᠲᠡᠭᠡᠭᠡᠪᠦᠷᠢ  ᠯᠤᠭᠢᠰᠲ᠋ᠢᠺ ᠤᠨ ᠲᠥᠪ ᠪᠠᠶᠢᠭᠤᠯᠬᠤ ᠬᠡᠯᠡᠯᠴᠡᠭᠡᠷ ᠬᠢᠬᠦ ᠭᠡᠵᠦ ᠪᠤᠢ ᠳᠤ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠮᠵᠢᠯᠭᠡ ᠦᠵᠡᠭᠦᠯᠵᠦ ᠠᠵᠢᠯᠯᠠᠨ᠎ᠠ ᠭᠡᠳᠡᠭ ᠢᠶᠡᠨ ᠶᠡᠷᠦᠩᠬᠡᠢ ᠰᠠᠶᠢᠳ ᠢᠯᠡᠷᠬᠡᠶᠢᠯᠡᠪᠡ ᠃  ᠯᠢ  ᠬᠤᠩ  ᠵᠦᠩ ᠬᠡᠯᠡᠬᠦ ᠳᠦ ᠪᠡᠨ  ᠲᠢᠶᠠᠨᠵᠢᠨ ᠤᠯᠠᠭᠠᠨᠪᠠᠭᠠᠲᠤᠷ ᠬᠣᠲᠠ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠬᠦᠷᠢᠶᠡᠨ ᠳᠦ ᠡᠷᠡᠭᠦᠯ ᠮᠡᠨᠳᠦ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠳᠤ ᠪᠣᠯᠪᠠᠰᠤᠨ ᠬᠦᠴᠦᠨ ᠪᠡᠯᠡᠳᠬᠡᠬᠦ᠂ ᠬᠣᠲᠠ ᠨᠤᠭᠤᠳ ᠲᠤ ᠬᠠᠷᠢᠯᠴᠠᠨ ᠰᠤᠶᠤᠯ ᠤᠨ ᠲᠥᠪ  ᠪᠠᠶᠢᠭᠤᠯᠬᠤ᠂ ᠲᠥᠯᠥᠭᠡᠯᠡᠭᠴᠢ ᠶᠢᠨ ᠭᠠᠵᠠᠷ ᠨᠡᠭᠡᠭᠡᠬᠦ ᠂ ᠬᠣᠲᠠ ᠬᠣᠭᠣᠷᠣᠨᠳᠣ ᠶᠢᠨ ᠨᠢᠰᠦᠯᠭᠡ ᠶᠢ ᠡᠬᠢᠯᠡᠭᠦᠯᠬᠦ᠂ ᠤᠯᠠᠭᠠᠨᠪᠠᠭᠠᠲᠤᠷ  ᠬᠤᠲᠠ  ᠳᠤ ᠬᠦᠯᠡᠮᠵᠢ ᠶᠢᠨ ᠠᠵᠤ ᠠᠬᠤᠢ ᠶᠢ ᠬᠥᠭᠵᠢᠭᠦᠯᠬᠦ ᠪᠣᠯᠤᠮᠵᠢ ᠪᠠᠶᠢᠭ᠎ᠠ ᠲᠠᠯ᠎ᠠ ᠪᠠᠷ  ᠬᠦᠰᠡᠯᠲᠡ ᠪᠡᠨ ᠲᠠᠯᠪᠢᠪᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

ᠤᠯᠠᠭᠠᠨᠪᠠᠭᠠᠲᠤᠷ 2018-10-23 103.53.187.1

ᠤᠯᠠᠭᠠᠨᠪᠠᠭᠠᠲᠤᠷ