ᠮᠣᠩᠭᠣᠯ ᠤᠯᠤᠰ ᠤᠨ ᠬᠥᠳᠡᠯᠮᠦᠷᠢ ᠶᠢᠨ ᠪᠠᠭᠠᠲᠤᠷ᠂ ᠲᠥᠷᠥ ᠶᠢᠨ ᠱᠠᠩᠨᠠᠯᠲᠤ᠂ ᠠᠷᠠᠳ ᠤᠨ ᠤᠷᠠᠨ ᠵᠣᠬᠢᠶᠠᠯᠴᠢ ᠳᠡᠨᠳᠡᠪ ᠦᠨ ᠫᠦᠷᠪᠦᠳᠣᠷᠵᠢ ᠶᠢᠨ 85 ᠨᠠᠰᠤᠨ ᠤ ᠣᠢ ᠳᠤ ᠵᠣᠷᠢᠭᠤᠯᠤᠭᠰᠠᠨ ︽ᠬᠥᠬᠡ ᠦᠨᠳᠦᠰᠦᠨ ᠦ ᠭᠠᠯ》ᠢᠷᠠᠭᠤ ᠨᠠᠶᠢᠷᠠᠭ ᠤᠨ ᠨᠠᠭᠠᠳᠤᠮ ᠢ ᠵᠣᠬᠢᠶᠠᠭᠴᠢ ᠶᠢᠨ ᠲᠥᠷᠥᠯᠬᠢ ᠨᠤᠲᠤᠭ ᠪᠦᠷᠢᠳᠦ ᠰᠤᠮᠤᠨ ᠳᠤ ᠵᠣᠬᠢᠶᠠᠨ ᠪᠠᠶᠢᠭᠤᠯᠤᠯ᠎ᠠ᠃ ᠨᠠᠭᠠᠳᠤᠮ ᠢ ᠨᠠᠶᠢᠷᠠᠭᠴᠢ ᠶᠢᠨ ︽ᠰᠤᠮᠤ ᠶᠢᠨ ᠨᠠᠭᠠᠳᠤᠮ》 ᠰᠢᠯᠦᠭ ᠲᠡᠢ ᠤᠶᠠᠯᠳᠤᠭᠤᠯᠤᠨ ᠰᠤᠮᠤ ᠶᠢᠨ ᠨᠠᠭᠠᠳᠤᠮ᠂ ᠠᠶᠢᠮᠠᠭ ᠤᠨ ᠨᠠᠭᠠᠳᠤᠮ᠂ ᠤᠯᠤᠰ ᠤᠨ ᠨᠠᠭᠠᠳᠤᠮ ᠭᠡᠬᠦ ᠰᠡᠳᠦᠪ ᠳᠣᠣᠷ᠎ᠠ ᠵᠠᠷᠯᠠᠵᠤ᠂ ᠬᠣᠲᠠ᠂ ᠣᠷᠣᠨ ᠨᠤᠲᠤᠭ ᠤᠨ 21 ᠢᠷᠠᠭᠤ ᠨᠠᠶᠢᠷᠠᠭᠴᠢ ᠰᠢᠯᠦᠭ ᠢᠶᠡᠨ ᠰᠣᠶᠢᠭᠰᠠᠨ ᠠᠴᠠ ᠢᠷᠠᠭᠤ ᠨᠠᠶᠢᠷᠠᠭᠴᠢ ᠰ∙ᠤᠤᠭᠠᠨᠪᠠᠶᠠᠷ ᠲᠡᠷᠢᠭᠦᠯᠡᠵᠦ᠂ ᠳᠡᠳ᠋ ᠪᠠᠶᠢᠷᠢ ᠶᠢ ︽ᠪᠣᠯᠣᠷ ᠴᠣᠮᠣ︾ ᠶᠢᠨ ᠡᠵᠡᠨ ᠨ∙ᠭᠠᠩᠲᠤᠯᠭ᠎ᠠ᠂ ᠭᠤᠲᠠᠭᠠᠷ ᠪᠠᠶᠢᠷᠢ ᠶᠢ ︽ᠪᠣᠯᠣᠷ ᠴᠣᠮᠣ︾ ᠡᠵᠡᠨ ᠱ∙ ᠨᠠᠷ ᠡᠵᠡᠯᠡᠭᠰᠡᠨ ᠶᠤᠮ᠃