ᠠᠷᠤᠬᠠᠩᠭᠠᠢ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠮᠦᠽᠧᠢ ᠲᠡᠢ ᠪᠣᠯᠤᠯ᠎ᠠ | News.MN

ᠠᠷᠤᠬᠠᠩᠭᠠᠢ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠮᠦᠽᠧᠢ ᠲᠡᠢ ᠪᠣᠯᠤᠯ᠎ᠠ

ᠠᠷᠤᠬᠠᠩᠭᠠᠢ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠠᠯᠪᠠᠨ ᠤ ᠲᠡᠦᠬᠡᠨ ᠮᠦᠽᠧᠢ ᠲᠡᠢ ᠪᠣᠯᠤᠯ᠎ᠠ᠃ ᠮᠦᠽᠧᠢ ᠶᠢᠨ ᠨᠡᠭᠡᠭᠡᠯᠲᠡ ᠶᠢᠨ ᠶᠣᠰᠣᠯᠠᠯ ᠳᠤ ᠣᠨᠴᠠᠭᠠᠢ ᠪᠠᠶᠢᠳᠠᠯ ᠤᠨ ᠭᠠᠵᠠᠷ ᠤᠨ ᠤᠳᠤᠷᠢᠳᠤᠯᠭ᠎ᠠ ᠨᠤᠭᠤᠳ᠂ ᠦᠶ᠎ᠡ ᠦᠶ᠎ᠡ ᠶᠢᠨ ᠠᠬᠠᠮᠠᠳ ᠤᠳ ᠣᠷᠣᠯᠴᠠᠭᠰᠠᠨ ᠪᠠᠶᠢᠨ᠎ᠠ᠃ ᠣᠨᠴᠠᠭᠠᠢ ᠪᠠᠶᠢᠳᠠᠯ ᠤᠨ ᠭᠠᠵᠠᠷ ᠤᠨ ᠡᠭᠦᠰᠦᠯ ᠬᠥᠭᠵᠢᠯ᠂ ᠲᠡᠦᠬᠡ ᠶᠢᠨ ᠠᠷᠪᠢᠨ ᠪᠠᠶᠠᠯᠢᠭ ᠡᠳ᠋   ᠦᠯᠦᠭ ᠪᠠᠷᠢᠮᠲᠠ ᠮᠠᠲ᠋ᠧᠷᠢᠶᠠᠯ ᠢ ᠴᠤᠭᠯᠠᠭᠤᠯᠬᠤ᠂ ᠬᠠᠳᠠᠭᠠᠯᠠᠨ ᠬᠠᠮᠠᠭᠠᠯᠠᠵᠤ ᠬᠣᠶᠢᠴᠢ ᠵᠠᠯᠠᠭᠤ  ᠦᠶ᠎ᠡ ᠳᠦ ᠪᠡᠨ ᠥᠪᠯᠡᠭᠦᠯᠬᠦ᠂ ᠣᠯᠠᠨ ᠨᠡᠶᠢᠲᠡ ᠶᠢᠨ ᠬᠦᠷᠲᠡᠭᠡᠯ ᠪᠣᠯᠭᠠᠬᠤ᠂ ᠵᠠᠯᠠᠭᠤ ᠪᠣᠯᠤᠨ ᠠᠬᠠᠮᠠᠳ ᠦᠶ᠎ᠡ ᠶᠢᠨ ᠵᠠᠯᠭᠠᠮᠵᠢ ᠬᠣᠯᠪᠣᠭ᠎ᠠ ᠶᠢ ᠪᠡᠬᠢᠵᠢᠭᠦᠯᠬᠦ ᠵᠣᠷᠢᠯᠭ᠎ᠠ ᠪᠠᠷ ᠪᠠᠶᠢᠭᠤᠯᠤᠭᠰᠠᠨ ᠮᠦᠽᠧᠢ ᠳᠦ ᠲᠤᠰ ᠭᠠᠵᠠᠷ ᠤᠨ ᠲᠡᠦᠬᠡᠨ ᠵᠠᠮᠨᠠᠯ᠂ ᠦᠶ᠎ᠡ ᠦᠶ᠎ᠡ ᠶᠢᠨ ᠰᠢᠯᠢᠳᠡᠭ᠂ ᠪᠦᠲᠦᠭᠡᠯᠴᠢ ᠠᠯᠪᠠ ᠬᠠᠭᠠᠭᠴᠢᠳ ᠤᠨ ᠥᠪᠡᠷᠰᠡᠳ ᠦᠨ ᠭᠠᠷ ᠢᠶᠠᠷ ᠤᠷᠠᠯᠠᠭᠰᠠᠨ ᠪᠦᠲᠦᠭᠡᠯ ᠦᠨ ᠳᠡᠭᠡᠵᠢᠰ᠂ ᠴᠤᠭᠯᠠᠭᠤᠯᠭ᠎ᠠ᠂ ᠭᠠᠷᠭᠠᠭᠰᠠᠨ ᠠᠮᠵᠢᠯᠲᠠ ᠪᠦᠲᠦᠭᠡᠯ ᠦᠨ ᠲᠣᠪᠴᠢᠶᠠᠨ ᠵᠡᠷᠭᠡ ᠶᠢ ᠪᠠᠶᠢᠷᠢᠯᠠᠭᠤᠯᠵᠠᠢ᠃  ᠮᠥᠨ ᠲᠠᠮᠠᠭ᠎ᠠ ᠲᠡᠮᠳᠡᠭ ᠦᠨ ᠳᠠᠷᠤᠳᠠᠰᠤ᠂ ᠭᠠᠯ ᠰᠥᠨᠥᠭᠡᠭᠴᠢ ᠨᠠᠷ ᠤᠨ ᠰᠤᠷᠭᠠᠯᠲᠠ ᠶᠢᠨ ᠸᠢᠳᠢᠣ᠋ ᠬᠠᠯᠢᠰᠤ᠂ ᠰᠠᠴᠤᠷᠠᠭ ᠤᠨ ᠠᠶᠤᠯ ᠠᠴᠠ ᠬᠠᠮᠠᠭᠠᠯᠠᠬᠤ ᠪᠠᠭᠠᠵᠢ ᠬᠡᠷᠡᠭᠰᠡᠯ ᠦᠳ᠂ ᠰᠤᠷᠭᠠᠯᠲᠠ ᠶᠢᠨ ᠮᠠᠲ᠋ᠧᠷᠢᠶᠠᠯ᠂ ᠨᠣᠮ᠂ ᠰᠤᠷᠬᠤ ᠪᠢᠴᠢᠭ᠂ ᠠᠪᠤᠷᠠᠭᠴᠢ᠂ ᠭᠠᠯ ᠰᠥᠨᠥᠭᠡᠭᠴᠢᠳ ᠦᠨ ᠬᠡᠷᠡᠭᠯᠡᠵᠦ ᠪᠠᠶᠢᠭᠰᠠᠨ ᠬᠤᠪᠴᠠᠰᠤ᠂ ᠪᠠᠭᠠᠵᠢ ᠬᠡᠷᠡᠭᠰᠡᠯ᠂ ᠭᠡᠷᠡᠯ ᠵᠢᠷᠤᠭ ᠤᠨ ᠴᠣᠮᠣᠭ᠂ ᠪᠦᠭᠦᠳᠡ ᠨᠠᠶᠢᠷᠠᠮᠳᠠᠬᠤ ᠡᠮᠦᠨᠡᠲᠦ ᠰᠦᠳᠠᠨ ᠤᠯᠤᠰ ᠲᠤ ᠡᠩᠬᠡ ᠶᠢ ᠰᠠᠬᠢᠭᠤᠯᠬᠤ ᠠᠵᠢᠯᠯᠠᠭᠠᠨ ᠳᠤ ᠣᠷᠣᠯᠴᠠᠭᠰᠠᠨ ᠠᠯᠪᠠ ᠬᠠᠭᠠᠭᠴᠢᠳ ᠤᠨ ᠪᠡᠯᠡᠭ ᠳᠤᠷᠠᠰᠬᠠᠯ ᠤᠨ ᠵᠦᠢᠯ ᠵᠡᠷᠭᠡ 100 ᠭᠠᠷᠤᠢ ᠦᠵᠡᠮᠦᠷᠢ ᠶᠢ ᠳᠡᠯᠭᠡᠵᠡᠢ᠃

ᠰᠡᠳᠬᠢᠭᠳᠡᠯ ᠦᠯᠡᠳᠡᠭᠡᠬᠦ