2018 ᠣᠨ ᠤ 10 ᠳ᠋ᠤᠭᠠᠷ ᠰᠠᠷ᠎ᠠ ᠶᠢᠨ 23 ᠍ ᠤ ᠪᠠᠶᠢᠳᠠᠯ ᠢᠶᠠᠷ ᠤᠯᠤᠰ ᠤᠨ ᠬᠡᠮᠵᠢᠶᠡᠨ ᠳᠦ ᠤᠷᠭᠤᠴᠠ ᠬᠤᠷᠢᠶᠠᠯᠲᠠ ᠶᠢᠨ ᠠᠵᠢᠯ ᠳᠤᠮᠳᠠᠴᠢ ᠪᠠᠷ 84.1 ᠬᠤᠪᠢ ᠲᠠᠢ ᠪᠠᠶᠢᠭ᠎ᠠ ᠪᠥᠭᠡᠳ ᠡᠨᠡ ᠨᠢ ᠭᠤᠷᠪᠠᠨ ᠬᠣᠨᠣᠭ ᠤᠨ ᠡᠮᠦᠨᠡᠬᠢ ᠳ᠋ᠦᠩ ᠲᠡᠢ ᠬᠠᠷᠢᠴᠠᠭᠤᠯᠬᠤ ᠳᠤ 7 ᠬᠤᠪᠢ ᠪᠠᠷ ᠥᠰᠦᠭᠰᠡᠨ ᠦᠵᠡᠭᠦᠯᠦᠯᠲᠡ ᠶᠤᠮ᠃ ᠲᠠᠷᠢᠮᠠᠯ ᠤᠨ ᠲᠥᠷᠥᠯ ᠢᠶᠡᠷ ᠠᠪᠴᠤ ᠦᠵᠡᠪᠡᠯ᠂ ᠦᠷ᠎ᠡ ᠲᠠᠷᠢᠶᠠᠨ ᠤ 82.9 ᠬᠤᠪᠢ᠂ ᠲᠥᠮᠦᠰᠦᠨ ᠦ 99.9 ᠬᠤᠪᠢ᠂ ᠬᠦᠨᠡᠰᠦᠨ ᠦ ᠨᠣᠭᠣᠭᠠᠨ ᠤ 99.9 ᠬᠤᠪᠢ᠂ ᠲᠡᠵᠢᠭᠡᠯ ᠦᠨ 80.6 ᠬᠤᠪᠢ᠂ ᠲᠣᠰᠤᠨ ᠤ ᠤᠷᠭᠤᠮᠠᠯ ᠤᠨ 57.3 ᠬᠤᠪᠢ ᠶᠢ ᠬᠤᠷᠢᠶᠠᠨ ᠠᠪᠤᠭᠠᠳ ᠪᠠᠶᠢᠨ᠎ᠠ᠃ ᠥᠭᠡᠷ᠎ᠡ ᠪᠡᠷ ᠬᠡᠯᠡᠪᠡᠯ᠂ 373.4 ᠮᠢᠩᠭᠠᠨ ᠲᠣᠨ ᠦᠷ᠎ᠡ ᠲᠠᠷᠢᠶ᠎ᠠ᠂ 160.5 ᠮᠢᠩᠭᠠᠨ ᠲᠣᠨ ᠲᠥᠮᠥᠰᠥ᠂ 93.2 ᠮᠢᠩᠭᠠᠨ ᠲᠣᠨ ᠬᠦᠨᠡᠰᠦᠨ ᠦ ᠨᠣᠭᠣᠭ᠎ᠠ᠂ 108 .6 ᠮᠢᠩᠭᠠᠨ ᠲᠣᠨ ᠲᠡᠵᠢᠭᠡᠯ᠂ 15.8 ᠮᠢᠩᠭᠠᠨ ᠲᠣᠨ ᠲᠣᠰᠤᠨ ᠤ ᠤᠷᠭᠤᠮᠠᠯ ᠲᠤᠰ ᠲᠤᠰ ᠬᠤᠷᠢᠶᠠᠨ ᠠᠪᠤᠭᠠᠳ ᠪᠠᠶᠢᠭ᠎ᠠ ᠶᠤᠮ ᠪᠠᠶᠢᠨ᠎ᠠ ᠃