ᠷᠣᠰᠨᠧᠹᠢᠲ ᠺᠣᠮᠫᠠᠨᠢ ᠲᠠᠢ ᠲᠠᠪᠤᠨ ᠠᠰᠠᠭᠤᠳᠠᠯ ᠢᠶᠠᠷ ᠬᠡᠯᠡᠯᠴᠡᠭᠡᠷ ᠬᠢᠨ᠎ᠡ | News.MN

ᠷᠣᠰᠨᠧᠹᠢᠲ ᠺᠣᠮᠫᠠᠨᠢ ᠲᠠᠢ ᠲᠠᠪᠤᠨ ᠠᠰᠠᠭᠤᠳᠠᠯ ᠢᠶᠠᠷ ᠬᠡᠯᠡᠯᠴᠡᠭᠡᠷ ᠬᠢᠨ᠎ᠡ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠳᠤ ᠠᠭᠤᠯᠠ ᠠᠭᠤᠷᠬᠠᠢ ᠶᠢᠨ ᠬᠦᠨᠳᠦ ᠦᠢᠯᠡᠳᠪᠦᠷᠢ ᠶᠢᠨ ᠶᠠᠮᠤᠨ ᠠᠴᠠ ᠳᠣᠯᠣᠭᠠᠨ ᠠᠰᠠᠭᠤᠳᠠᠯ ᠢ ᠬᠡᠯᠡᠯᠴᠡᠭᠦᠯᠵᠦ ᠰᠢᠢᠳᠪᠦᠷᠢᠯᠡᠭᠦᠯᠦᠭᠰᠡᠨ ᠪᠠᠶᠢᠨ᠎ᠠ᠃ ᠳ∙ᠰᠤᠮᠢᠶᠠᠪᠠᠽᠠᠷ ᠄ ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠢᠷᠡᠬᠦ ᠣᠨ ᠳᠤ ᠭᠠᠵᠠᠷ ᠤᠨ ᠲᠣᠰᠤᠨ ᠤ ᠪᠦᠲᠦᠭᠡᠭᠳᠡᠬᠦᠨ ᠦ 30 ᠬᠣᠨᠣᠭ ᠤᠨ ᠺᠣᠮᠫᠠᠨᠢ ᠶᠢᠨ ᠨᠥᠭᠡᠴᠡ ᠪᠦᠷᠢᠳᠦᠭᠦᠯᠬᠦ 26 ᠠᠵᠤ ᠠᠬᠤᠢ ᠶᠢᠨ ᠨᠢᠭᠡᠴᠢ ᠂ ᠪᠦᠲᠦᠭᠡᠭᠳᠡᠬᠦᠨ ᠦ ᠨᠡᠷ᠎ᠡ ᠲᠥᠷᠥᠯ᠂ ᠬᠡᠮᠵᠢᠶ᠎ᠡ ᠶᠢ ᠬᠠᠪᠰᠤᠷᠤᠯᠲᠠ ᠪᠠᠷ ᠪᠠᠲᠤᠯᠠᠯ᠎ᠠ᠃
ᠡᠨᠡ ᠣᠨ ᠳᠤ 94700 ᠲᠣᠨ ᠭᠠᠵᠠᠷ ᠤᠨ ᠲᠣᠰᠤᠨ ᠤ ᠪᠦᠲᠦᠭᠡᠭᠳᠡᠬᠦᠨ ᠨᠥᠭᠡᠴᠡᠯᠡᠬᠦ ᠡᠭᠦᠷᠭᠡ ᠶᠢ ᠠᠵᠤ ᠠᠬᠤᠢ ᠶᠢᠨ ᠨᠢᠭᠡᠴᠢ ᠨᠦᠭᠦᠳ ᠬᠦᠯᠢᠶᠡᠭᠰᠡᠨ ᠪᠣᠯ ᠢᠷᠡᠬᠦ ᠵᠢᠯ ᠠᠵᠤ ᠠᠬᠤᠢ ᠶᠢᠨ  ᠨᠢᠭᠡᠴᠢ  ᠨᠤᠭᠦᠳ 116550.0 ᠲᠣᠨ ᠰᠢᠲᠠᠬᠤᠨ ᠤ ᠨᠥᠭᠡᠴᠡ ᠪᠦᠷᠢᠳᠦᠭᠦᠯᠬᠦ ᠪᠡᠷ ᠪᠣᠯᠵᠤ ᠪᠠᠶᠢᠨ᠎ᠠ᠃ ᠲᠡᠭᠦᠨᠴᠢᠯᠡᠨ ᠥᠨᠥᠳᠥᠷ ᠦᠨ ᠬᠤᠷᠠᠯᠳᠤᠭᠠᠨ ᠢᠶᠠᠷ ᠷᠣᠰᠨᠧᠹᠢᠲ  ᠺᠣᠮᠫᠠᠨᠢ ᠲᠠᠢ ᠵᠠᠰᠠᠭ ᠤᠨ ᠭᠠᠵᠠᠷ  ᠬᠡᠯᠡᠯᠴᠡᠭᠡᠷ ᠬᠢᠬᠦ ᠶᠠᠪᠤᠴᠠ ᠶᠢ ᠲᠠᠨᠢᠯᠴᠠᠭᠤᠯᠤᠭᠰᠠᠨ᠃ ᠷᠣᠰᠨᠧᠹᠢᠲ ᠺᠣᠮᠫᠠᠨᠢ ᠲᠠᠢ ᠪᠣᠯᠪᠠᠰᠤᠷᠠᠭᠤᠯᠬᠤ ᠦᠢᠯᠡᠳᠪᠦᠷᠢ ᠶᠢᠨ ᠲᠦᠯᠡᠰᠢ ᠳᠠᠮᠵᠢᠭᠤᠯᠬᠤ ᠬᠣᠭᠣᠯᠠᠢ᠂ ᠨᠥᠭᠡᠴᠡ ᠬᠠᠩᠭᠠᠮᠵᠢ ᠶᠢᠨ ᠠᠰᠠᠭᠤᠳᠠᠯ᠂ ᠣᠩᠭᠣᠴᠠᠨ ᠤ ᠲᠦᠯᠡᠰᠢ ᠨᠡᠶᠢᠯᠡᠭᠦᠯᠦᠯᠲᠡ  ᠵᠡᠷᠭᠡ ᠲᠠᠪᠤᠨ ᠪᠠᠭᠴᠠ ᠠᠰᠠᠭᠤᠳᠠᠯ ᠢᠶᠠᠷ ᠬᠡᠯᠡᠯᠴᠡᠭᠡᠷ ᠬᠢᠬᠦ ᠪᠡᠷ ᠲᠥᠯᠥᠪᠯᠡᠭᠰᠡᠨ ᠬᠡᠮᠡᠪᠡ᠃

ᠰᠡᠳᠬᠢᠭᠳᠡᠯ ᠦᠯᠡᠳᠡᠭᠡᠬᠦ