ᠦᠨᠳᠦᠰᠦᠨ ᠬᠠᠤᠯᠢ ᠶᠢᠨ ᠰᠡᠴᠡ ᠶᠢᠨ ᠥᠨᠥᠳᠥᠷ ᠦᠨ ᠳᠤᠮᠳᠠ ᠰᠠᠭᠤᠳᠠᠯ ᠤᠨ ᠬᠤᠷᠠᠯᠳᠤᠭᠠᠨ ᠢᠶᠠᠷ ︽ᠨᠣᠲ᠋ᠷᠢᠶᠠᠲ ᠤᠨ ᠲᠤᠬᠠᠢ︾ ᠬᠠᠤᠯᠢ ᠶᠢᠨ ᠵᠠᠷᠢᠮ ᠵᠢᠭᠠᠯᠲᠠ ᠦᠨᠳᠦᠰᠦᠨ ᠬᠠᠤᠯᠢ ᠵᠥᠷᠢᠴᠡᠭᠰᠡᠨ ᠡᠰᠡᠬᠦ ᠮᠠᠷᠭᠤᠭᠠᠨ ᠢ ᠬᠢᠨᠠᠨ ᠬᠡᠯᠡᠯᠴᠡᠯ᠎ᠡ᠃ ︽ᠨᠣᠲ᠋ᠷᠢᠶᠠᠲ ᠤᠨ ᠲᠤᠬᠠᠢ︾ ᠬᠠᠤᠯᠢ ᠶᠢᠨ 43 ᠳ᠋ᠤᠭᠠᠷ ᠵᠦᠢᠯ ᠦᠨ 43.6 ᠳ᠋ᠡᠬᠢ ᠬᠡᠰᠡᠭ ᠲᠦ᠂ ᠥᠪᠯᠡᠭᠳᠡᠬᠦ ᠡᠳ᠋ ᠬᠥᠷᠥᠩᠭᠡ ᠪᠠᠷᠢᠴᠠᠭᠠᠨ ᠳᠤ ᠪᠠᠶᠢᠭ᠎ᠠ ᠨᠥᠬᠥᠴᠡᠯ ᠳᠦ ᠥᠪᠯᠡᠬᠦ ᠡᠷᠬᠡ ᠶᠢᠨ ᠭᠡᠷᠡᠴᠢᠯᠡᠭᠡ ᠶᠢ ᠤᠭ ᠡᠳ᠋ ᠬᠥᠷᠥᠩᠭᠡ ᠶᠢ ᠪᠠᠷᠢᠴᠠᠭᠠᠯᠠᠭᠰᠠᠨ ᠪᠠᠶᠢᠭᠤᠯᠤᠯᠭ᠎ᠠ ᠶᠢᠨ ᠵᠥᠪᠰᠢᠶᠡᠷᠡᠯ ᠢ ᠦᠨᠳᠦᠰᠦᠯᠡᠨ ᠦᠪᠯᠡᠭᠴᠢ ᠳᠦ ᠣᠯᠭᠤᠬᠤ ᠪᠠᠷ ᠲᠤᠰᠬᠠᠭᠰᠠᠨ ᠪᠠᠶᠢᠨ᠎ᠠ᠃
ᠡᠶᠢᠨ ᠬᠦ ᠥᠮᠴᠢᠯᠡᠭᠴᠢ ᠶᠢᠨ ᠬᠦᠰᠡᠯ ᠵᠣᠷᠢᠭ ᠤᠨ ᠳᠠᠭᠠᠤ ᠪᠤᠰᠤᠳ ᠠᠴᠠ ᠬᠠᠷᠢᠶᠠᠲᠤ ᠪᠤᠰᠤ ᠪᠠᠷ ᠬᠡᠷᠡᠭᠵᠢᠬᠦ ᠥᠮᠴᠢᠯᠡᠬᠦ ᠡᠷᠬᠡ ᠳᠦ ᠬᠢᠵᠠᠭᠠᠷᠯᠠᠯ ᠲᠣᠭᠲᠠᠭᠠᠭᠰᠠᠨ ᠢᠶᠠᠷ ᠢᠶᠠᠨ ᠦᠨᠳᠦᠰᠦᠨ ᠬᠠᠤᠯᠢ ᠪᠠᠷ ᠪᠠᠲᠤᠯᠠᠭᠠᠵᠢᠭᠤᠯᠤᠭᠰᠠᠨ ᠬᠥᠳᠡᠯᠬᠦ᠂ ᠦᠯᠦ ᠬᠥᠳᠡᠯᠬᠦ ᠬᠥᠷᠥᠩᠭᠡ ᠥᠮᠴᠢᠯᠡᠬᠦ᠂ ᠥᠪ ᠵᠠᠯᠭᠠᠮᠵᠢᠯᠠᠭᠤᠯᠬᠤ ᠢᠷᠭᠡᠨ ᠦ ᠡᠷᠬᠡ ᠶᠢ ᠵᠥᠷᠢᠴᠡᠭᠰᠡᠨ ᠪᠠᠶᠢᠨ᠎ᠠ ᠭᠡᠵᠦ ᠦᠨᠳᠦᠰᠦᠨ ᠬᠠᠤᠯᠢ ᠶᠢᠨ ᠰᠡᠴᠡ ᠳ᠋ᠦᠩᠨᠡᠯ᠎ᠡ᠃