ᠤᠷᠠᠨ ᠰᠠᠶᠢᠬᠠᠨ ᠤ ᠭᠢᠮᠨᠡᠰᠲ᠋ᠢᠺ ᠦᠨ ᠲᠡᠮᠡᠴᠡᠭᠡᠨ  ᠪᠤᠯᠤᠨ᠎ᠠ | News.MN

ᠤᠷᠠᠨ ᠰᠠᠶᠢᠬᠠᠨ ᠤ ᠭᠢᠮᠨᠡᠰᠲ᠋ᠢᠺ ᠦᠨ ᠲᠡᠮᠡᠴᠡᠭᠡᠨ  ᠪᠤᠯᠤᠨ᠎ᠠ

 

ᠮᠣᠩᠭᠣᠯ ᠤᠯᠤᠰ ᠲᠤ ᠠᠩᠬ᠎ᠠ ᠤᠳᠠᠭ᠎ᠠ ᠤᠷᠠᠨ ᠰᠠᠶᠢᠬᠠᠨ ᠤ ᠭᠢᠮᠨᠡᠰᠲ᠋ᠢᠺ ᠦᠨ A ᠵᠡᠷᠭᠡᠯᠡᠯ ᠦᠨ ᠠᠽᠢᠶ᠎ᠠ ᠲᠢᠪ ᠦᠨ ᠴᠣᠮᠣ  ᠠᠪᠤᠷᠭᠤ ᠰᠢᠯᠭᠠᠷᠠᠭᠤᠯᠬᠤ ᠲᠡᠮᠡᠴᠡᠭᠡᠨ ᠤᠯᠠᠭᠠᠨᠪᠠᠭᠠᠲᠤᠷ 10 ᠳ᠋ᠤᠭᠠᠷ ᠰᠠᠷ᠎ᠠ ᠶᠢᠨ 25-28  ᠳᠦ ᠪᠣᠯᠤᠨ᠎ᠠ᠃ ᠡᠨᠡᠬᠦ ᠲᠡᠮᠡᠴᠡᠭᠡᠨ ᠨᠢ ᠮᠣᠩᠭᠣᠯ ᠤᠯᠤᠰ ᠢ ᠰᠤᠷᠲᠠᠯᠴᠢᠯᠠᠨ ᠲᠠᠨᠢᠭᠤᠯᠬᠤ᠂ ᠰᠫᠣᠷᠲ ᠢᠶᠠᠷ ᠬᠢᠴᠢᠶᠡᠯᠯᠡᠵᠦ ᠪᠤᠢ ᠲᠠᠮᠢᠷᠴᠢᠳ ᠤᠨ ᠴᠢᠨᠰᠠᠭ᠎ᠠ ᠶᠢ ᠠᠬᠢᠭᠤᠯᠬᠤ᠂ ᠰᠣᠨᠢᠷᠬᠠᠭᠴᠢᠳ ᠤᠨ ᠲᠣᠭ᠎ᠠ ᠶᠢ ᠨᠡᠮᠡᠭᠳᠡᠭᠦᠯᠬᠦ ᠵᠡᠷᠭᠡ ᠣᠯᠠᠨ ᠲᠠᠯ᠎ᠠ ᠶᠢᠨ ᠠᠴᠢ ᠬᠣᠯᠪᠣᠭᠳᠠᠯ ᠲᠠᠢ ᠶᠤᠮ᠃
ᠠᠽᠢᠶ᠎ᠠ ᠪᠣᠯᠤᠨ ᠳᠡᠯᠡᠬᠡᠢ ᠳᠦ ᠠᠯᠳᠠᠷᠲᠠᠢ 70 ᠭᠠᠷᠤᠢ ᠲᠠᠮᠢᠷᠴᠢᠨ ᠣᠷᠣᠯᠴᠠᠬᠤ ᠪᠠᠷ ᠮᠡᠳᠡᠭᠦᠯᠭᠡ ᠪᠡᠨ ᠢᠷᠡᠭᠦᠯᠵᠡᠢ᠃ ᠣᠳᠣ ᠶᠢᠨ ᠪᠠᠶᠢᠳᠠᠯ ᠢᠶᠠᠷ ᠮᠣᠩᠭᠣᠯ ᠤᠯᠤᠰ ᠲᠤ 300 ᠭᠠᠷᠤᠢ ᠥᠬᠢᠳ ᠤᠭ ᠰᠫᠣᠷᠲ ᠢᠶᠠᠷ ᠬᠢᠴᠢᠶᠡᠯᠯᠡᠳᠡᠭ᠃ ᠲᠢᠪ ᠦᠨ ᠠᠪᠤᠷᠭᠤ᠂ ᠣᠯᠠᠨ ᠤᠯᠤᠰ ᠤᠨ ᠲᠣᠮᠣᠬᠠᠨ ᠲᠡᠮᠡᠴᠡᠭᠡᠨ ᠨᠦᠭᠦᠳ ᠲᠦ ᠮᠸᠳᠠᠯᠲᠤ ᠪᠠᠶᠢᠷᠢᠨ ᠳᠤ ᠲᠣᠭᠲᠠᠮᠠᠯ ᠰᠢᠯᠭᠠᠷᠠᠵᠤ ᠪᠠᠶᠢᠭ᠎ᠠ ᠨᠢ ᠡᠨᠡ ᠰᠫᠣᠷᠲ ᠮᠠᠨ ᠤ ᠣᠷᠣᠨ ᠳᠤ ᠡᠷᠴᠢᠮ ᠲᠡᠢ ᠬᠥᠭᠵᠢᠵᠦ ᠪᠤᠢ ᠶᠢ ᠢᠯᠡᠷᠬᠡᠶᠢᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ