ᠰᠤᠷᠭᠠᠭᠤᠯᠢ᠂ ᠴᠡᠴᠡᠷᠯᠢᠭ ᠦᠨ ᠬᠡᠦᠬᠡᠳ ᠦᠨ ᠬᠣᠭᠣᠯᠠ ᠪᠠᠷ ᠦᠵᠡᠰᠬᠦᠯᠡᠩ ᠭᠠᠷᠭᠠᠪᠠ | News.MN

ᠰᠤᠷᠭᠠᠭᠤᠯᠢ᠂ ᠴᠡᠴᠡᠷᠯᠢᠭ ᠦᠨ ᠬᠡᠦᠬᠡᠳ ᠦᠨ ᠬᠣᠭᠣᠯᠠ ᠪᠠᠷ ᠦᠵᠡᠰᠬᠦᠯᠡᠩ ᠭᠠᠷᠭᠠᠪᠠ

ᠠᠷᠤᠬᠠᠩᠭᠠᠢ ᠠᠶᠢᠮᠠᠭ ᠤᠨ ᠮᠡᠷᠭᠡᠵᠢᠯ ᠦᠨ ᠬᠢᠨᠠᠯᠲᠠ ᠶᠢᠨ ᠭᠠᠵᠠᠷ ᠠᠴᠠ ᠬᠡᠷᠡᠭᠵᠢᠭᠦᠯᠵᠦ ᠪᠠᠶᠢᠭ᠎ᠠ  ︽ᠬᠦᠨᠡᠰᠦᠨ ᠦ ᠠᠶᠤᠯ ᠦᠭᠡᠢ ᠪᠠᠶᠢᠳᠠᠯ ᠢ ᠬᠠᠩᠭᠠᠬᠤ ᠳᠤ ᠢᠷᠭᠡᠨ ᠲᠠᠨ ᠤ ᠣᠷᠣᠯᠴᠠᠭ᠎ᠠ︾ ᠰᠠᠷ᠎ᠠ ᠶᠢᠨ ᠠᠶᠠᠨ ᠤ ᠬᠦᠷᠢᠶᠡᠨ ᠳᠦ ᠠᠶᠢᠮᠠᠭ ᠤᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠮᠣᠩᠭᠣᠯ ᠤᠨ ᠲᠣᠭᠣᠭᠠᠴᠢ ᠨᠠᠷ ᠤᠨ ᠬᠣᠯᠪᠣᠭ᠎ᠠ ᠪᠣᠯᠤᠨ ᠮᠠᠰᠲ᠋ᠸᠷ ᠲᠣᠭᠣᠭᠠᠴᠢ ᠨᠠᠷ ᠤᠨ ᠬᠣᠯᠪᠣᠭᠠᠨ ᠤ ᠠᠷᠤᠬᠠᠩᠭᠠᠢ ᠠᠶᠢᠮᠠᠭ ᠳᠠᠬᠢ ᠰᠠᠯᠪᠤᠷᠢ ᠵᠥᠪᠯᠡᠯ ᠲᠡᠢ ᠬᠠᠮᠲᠤᠷᠠᠨ ᠡᠷᠳᠡᠨᠢᠪᠤᠯᠠᠭᠠᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠬᠡᠦᠬᠡᠳ ᠦᠨ ᠴᠡᠴᠡᠷᠯᠢᠭ ᠦᠨ ᠲᠣᠭᠣᠭᠠᠴᠢ ᠨᠠᠷ ᠤᠨ ᠳᠤᠮᠳᠠ ︽ᠬᠡᠦᠬᠡᠳ ᠦᠨ ᠬᠣᠭᠣᠯᠠᠨ ᠤ ᠢᠯᠴᠢᠯᠢᠭ᠂ ᠲᠡᠵᠢᠭᠡᠯᠯᠢᠭ᠂ ᠠᠶᠤᠯ ᠦᠭᠡᠢ ᠪᠠᠶᠢᠳᠠᠯ ︾ ᠰᠡᠳᠦᠪᠲᠦ ᠬᠣᠭᠣᠯᠠᠨ ᠤ ᠦᠵᠡᠰᠬᠦᠯᠡᠩ ᠵᠣᠬᠢᠶᠠᠨ ᠪᠠᠶᠢᠭᠤᠯᠤᠯ᠎ᠠ᠃
ᠦᠵᠡᠰᠬᠦᠯᠡᠩ ᠢ ᠬᠡᠦᠬᠡᠳ ᠦᠳ ᠦᠨ ᠬᠣᠭᠣᠯᠠ ᠬᠦᠨᠡᠰᠦᠨ ᠡᠴᠡ ᠰᠢᠯᠲᠠᠭᠠᠯᠠᠭᠰᠠᠨ ᠬᠤᠤᠷᠳᠠᠯᠭᠠᠲᠤ ᠬᠠᠯᠳᠠᠪᠤᠷᠢ᠂ ᠲᠡᠭᠦᠨ ᠡᠴᠡ ᠤᠷᠢᠳᠴᠢᠯᠠᠨ ᠰᠡᠷᠭᠡᠶᠢᠯᠡᠬᠦ᠂ ᠲᠣᠭᠣᠭᠠᠴᠢ ᠨᠠᠷ ᠬᠣᠭᠣᠷᠣᠨᠳᠣ ᠪᠠᠨ ᠲᠤᠷᠰᠢᠯᠭ᠎ᠠ ᠰᠤᠳᠤᠯᠬᠤ᠂ ᠰᠤᠯᠢᠯᠴᠠᠬᠤ ᠵᠣᠷᠢᠯᠭ᠎ᠠ ᠲᠠᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠲᠤᠰ ᠦᠵᠡᠰᠬᠦᠯᠡᠩ ᠳᠦ ᠡᠷᠳᠡᠨᠢᠪᠤᠯᠠᠭᠠᠨ ᠰᠤᠮᠤ ᠶᠢᠨ ᠲᠠᠪᠤᠨ ᠰᠤᠷᠭᠠᠭᠤᠯᠢ᠂ 14 ᠴᠡᠴᠡᠷᠯᠢᠭ ᠦᠨ 52 ᠲᠣᠭᠣᠭᠠᠴᠢ ᠥᠪᠡᠷᠰᠡᠳ ᠦᠨ ᠪᠠᠶᠢᠭᠤᠯᠤᠯᠭ᠎ᠠ ᠳᠡᠭᠡᠷ᠎ᠡ ᠪᠡᠨ ᠦᠳᠡ ᠶᠢᠨ ᠬᠣᠭᠣᠯᠠ᠂  ᠴᠠᠢ  ᠳᠤ ᠪᠡᠯᠡᠳᠬᠡᠳᠡᠭ ᠨᠢᠭᠡ᠂ ᠬᠣᠶᠠᠳᠤᠭᠠᠷ ᠬᠣᠭᠣᠯᠠ᠂  ᠰᠠᠯᠠᠲ ᠂ ᠲᠠᠯᠬ᠎ᠠ᠂ ᠨᠠᠷᠢᠨ ᠪᠣᠣᠪᠣ᠂ ᠵᠢᠮᠢᠰ ᠵᠢᠮᠢᠰᠬᠡᠨ᠎ᠡ᠂ ᠤᠮᠳᠠᠭ᠎ᠠ ᠵᠡᠷᠭᠡ ᠶᠢᠨ 130 ᠭᠠᠷᠤᠢ ᠨᠡᠷ᠎ᠡ ᠲᠥᠷᠥᠯ ᠦᠨ ᠪᠦᠲᠦᠭᠡᠭᠳᠡᠬᠦᠨ ᠨᠦᠭᠦᠳ ᠢᠶᠡᠷ ᠢᠶᠡᠨ ᠣᠷᠣᠯᠴᠠᠵᠠᠢ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2018-10-26 107.181.165.208

Sain bn uu