ᠶᠡᠷᠦᠩᠬᠡᠶᠢᠯᠡᠭᠴᠢ ᠬ∙ᠪᠠᠲᠤᠲᠤᠯᠭ᠎ᠠ ᠣᠯᠠᠨ ᠤᠯᠤᠰ ᠤᠨ ᠤᠯᠢᠮᠫᠢᠺ ᠤᠨ ᠬᠣᠷᠢᠶᠠᠨ ᠳᠤ ᠵᠤᠴᠢᠯᠠᠯ᠎ᠠ | News.MN

ᠶᠡᠷᠦᠩᠬᠡᠶᠢᠯᠡᠭᠴᠢ ᠬ∙ᠪᠠᠲᠤᠲᠤᠯᠭ᠎ᠠ ᠣᠯᠠᠨ ᠤᠯᠤᠰ ᠤᠨ ᠤᠯᠢᠮᠫᠢᠺ ᠤᠨ ᠬᠣᠷᠢᠶᠠᠨ ᠳᠤ ᠵᠤᠴᠢᠯᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠴᠥᠭᠡᠳᠦᠷ ᠣᠯᠠᠨ ᠤᠯᠤᠰ ᠤᠨ ᠤᠯᠢᠮᠫᠢᠺ ᠤᠨ ᠬᠣᠯᠪᠣᠭᠠᠨ ᠤ ᠶᠡᠷᠦᠩᠬᠡᠶᠢᠯᠡᠭᠴᠢ ᠲᠣᠮᠠᠰ ᠪᠠᠾ ᠲᠠᠢ ᠠᠭᠤᠯᠵᠠᠯ᠎ᠠ᠃  ᠨᠣᠶᠠᠨ ᠲᠣᠮᠠᠰ ᠪᠠᠾ ᠂  ︽ᠠᠽᠢᠶ᠎ᠠᠶᠢᠨ ᠬᠡᠦᠬᠡᠳ ᠦᠨ ᠶᠡᠬᠡ ᠨᠠᠭᠠᠳᠤᠮ-2020︾ᠮᠣᠩᠭᠣᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠬᠤᠲᠠ ᠳᠤ ᠪᠣᠯᠬᠤ ᠭᠡᠵᠦ ᠪᠤᠢ ᠲᠠᠢ  ᠬᠣᠯᠪᠣᠭᠳᠠᠭᠤᠯᠤᠨ ᠤᠯᠢᠮᠫᠢᠺ  ᠤᠨ ᠬᠣᠷᠢᠶᠠᠨ ᠤ ᠬᠢᠨ  ᠵᠠᠯᠠᠭᠤ ᠲᠠᠮᠢᠷᠴᠢᠳ ᠢ ᠮᠡᠷᠭᠡᠵᠢᠯ ᠦᠨ ᠠᠷᠭ᠎ᠠ ᠵᠦᠢ ᠪᠡᠷ ᠰᠤᠷᠭᠠᠵᠤ᠂ ᠰᠫᠣᠷᠲ ᠤᠨ ᠠᠮᠵᠢᠯᠲᠠ ᠭᠠᠷᠭᠠᠬᠤ ᠳᠤ ᠨᠢ ᠲᠦᠯᠬᠢᠴᠡ ᠦᠵᠡᠭᠦᠯᠵᠦ ᠪᠠᠶᠢᠭ᠎ᠠ ᠲᠠᠯ᠎ᠠ ᠪᠠᠷ ᠢᠶᠠᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠲᠠᠨᠢᠯᠴᠠᠭᠤᠯᠤᠭᠰᠠᠨ ᠶᠤᠮ᠃
ᠬ ∙ ᠪᠠᠲᠤᠲᠤᠯᠭ᠎ᠠ  ︽ᠠᠽᠢᠶ᠎ᠠ ᠶᠢᠨ ᠬᠡᠦᠬᠡᠳ ᠦᠨ ᠶᠡᠬᠡ ᠨᠠᠭᠠᠳᠤᠮ-2020︾ ᠍ ᠶᠢ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢᠶᠠᠨ ᠬᠠᠩᠭᠠᠵᠤ ᠪᠤᠢ ᠲᠠᠯ᠎ᠠ ᠪᠠᠷ ᠢᠶᠠᠨ ᠲᠠᠨᠢᠯᠴᠠᠭᠤᠯᠵᠤ᠂ ︽ ᠤᠯᠢᠮᠫᠢᠺ ᠡᠪ ᠨᠢᠭᠡᠳᠦᠯ ︾ᠬᠥᠲᠥᠯᠪᠦᠷᠢ ᠶᠢᠨ ᠬᠦᠷᠢᠶᠡᠨ ᠳᠦ ᠮᠠᠨ ᠤ ᠤᠯᠤᠰ ᠤᠨ ᠲᠠᠮᠢᠷᠴᠢᠳ ᠲᠤ ᠥᠭᠴᠦ ᠪᠤᠢ ᠲᠡᠳᠬᠦᠯᠭᠡ ᠪᠣᠯᠤᠭᠠᠳ ᠵᠠᠷᠢᠮ ᠰᠫᠣᠷᠲ ᠤᠨ ᠲᠥᠷᠥᠯ ᠳᠦ ᠮᠡᠷᠭᠡᠵᠢᠯ ᠦᠨ ᠠᠷᠭ᠎ᠠ ᠵᠦᠢ ᠪᠡᠷ ᠬᠠᠩᠭᠠᠵᠤ ᠪᠤᠢ ᠳᠤ ᠨᠢ ᠲᠠᠯᠠᠷᠬᠠᠯ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ