47 ᠦᠢᠯᠡᠴᠢᠯᠡᠭᠡ ᠶᠢ ᠴᠠᠬᠢᠮ ᠬᠡᠯᠪᠡᠷᠢ ᠳᠦ ᠰᠢᠯᠵᠢᠭᠦᠯᠦᠨ᠎ᠡ | News.MN

47 ᠦᠢᠯᠡᠴᠢᠯᠡᠭᠡ ᠶᠢ ᠴᠠᠬᠢᠮ ᠬᠡᠯᠪᠡᠷᠢ ᠳᠦ ᠰᠢᠯᠵᠢᠭᠦᠯᠦᠨ᠎ᠡ

ᠨᠡᠶᠢᠰᠯᠡᠯ ᠦᠨ ᠵᠠᠰᠠᠭ ᠳᠠᠷᠤᠭ᠎ᠠ ᠶᠢᠨ 2016-2020 ᠣᠨ ᠤ ᠦᠢᠯᠡ ᠠᠵᠢᠯᠯᠠᠭᠠᠨ ᠤ ᠬᠥᠲᠥᠯᠪᠦᠷᠢ ᠶᠢ ᠬᠡᠷᠡᠭᠵᠢᠭᠦᠯᠬᠦ᠂ ᠲᠥᠷᠥ ᠶᠢᠨ ᠦᠢᠯᠡᠴᠢᠯᠡᠭᠡᠨ ᠦ ᠱᠠᠲᠤ ᠳᠠᠮᠵᠢᠯᠭ᠎ᠠ ᠶᠢ  ᠴᠦᠭᠡᠯᠡᠵᠦ᠂ ᠴᠢᠷᠦᠭᠳᠡᠯ ᠦᠭᠡᠢ ᠂ ᠢᠯᠡ ᠲᠣᠳᠣ᠂ ᠲᠦᠷᠭᠡᠨ ᠰᠢᠭᠤᠷᠬᠠᠢ ᠦᠢᠯᠡᠴᠢᠯᠡᠭᠡ ᠶᠢ ᠢᠷᠭᠡᠳ ᠲᠦ ᠬᠦᠷᠭᠡᠬᠦ ᠵᠣᠷᠢᠯᠲᠠ ᠶᠢᠨ ᠬᠦᠷᠢᠶᠡᠨ ᠳᠦ ᠨᠡᠶᠢᠰᠯᠡᠯ ᠦᠨ ᠨᠤᠲᠤᠭ ᠤᠨ ᠵᠠᠬᠢᠷᠭᠠᠨ ᠤ ᠲᠠᠪᠤᠨ ᠪᠠᠶᠢᠭᠤᠯᠤᠯᠭ᠎ᠠ ᠶᠢᠨ 47 ᠦᠢᠯᠡᠴᠢᠯᠡᠭᠡ ᠶᠢ ᠴᠠᠬᠢᠮ ᠬᠡᠯᠪᠡᠷᠢ ᠳᠦ ᠰᠢᠯᠵᠢᠭᠦᠯᠬᠦ᠂ ᠨᠢᠭᠡᠳᠦᠭᠰᠡᠨ ᠰᠢᠰᠲ᠋ᠧᠮ ᠳᠦ ᠤᠷᠤᠭᠤᠯᠬᠤ ᠠᠵᠢᠯ ᠬᠢᠭᠳᠡᠵᠦ ᠪᠠᠶᠢᠭ᠎ᠠ ᠪᠥᠭᠡᠳ ᠲᠤᠰ ᠰᠢᠰᠲ᠋ᠧᠮ ᠦᠨ  ᠠᠰᠢᠭᠯᠠᠬᠤ ᠰᠤᠷᠭᠠᠯᠲᠠ ᠥᠨᠥᠳᠥᠷ ᠪᠣᠯᠤᠯ᠎ᠠ᠃
ᠵᠢᠱᠢᠶᠡᠯᠡᠪᠡᠯ ᠰᠤᠭᠳᠤᠭᠤᠷᠠᠭᠤᠯᠬᠤ ᠤᠮᠳᠠᠭ᠎ᠠ ᠬᠤᠳᠠᠯᠳᠤᠬᠤ᠂  ᠲᠡᠭᠦᠨ ᠢᠶᠡᠷ ᠦᠢᠯᠡᠴᠢᠯᠡᠬᠦ ᠲᠤᠰᠬᠠᠢ ᠵᠥᠪᠰᠢᠶᠡᠷᠡᠯ ᠣᠯᠭᠣᠬᠤ ᠦᠢᠯᠡᠴᠢᠯᠡᠭᠡ ᠶᠢ ᠴᠠᠬᠢᠮ ᠬᠡᠯᠪᠡᠷᠢ ᠳᠦ ᠰᠢᠯᠵᠢᠭᠦᠯᠬᠦ ᠠᠵᠢᠯ ᠤᠨ ᠳᠠᠭᠠᠭᠠᠯᠭᠠᠪᠤᠷᠢ ᠪᠣᠯᠪᠠᠰᠤᠷᠠᠭᠤᠯᠬᠤ ᠠᠵᠢᠯ ᠤᠨ ᠬᠡᠰᠡᠭ ᠢ ᠤᠯᠠᠭᠠᠨᠪᠠᠭᠠᠲᠤᠷ ᠬᠣᠲᠠ ᠶᠢᠨ ᠶᠡᠷᠦᠩᠬᠡᠢ ᠮᠧᠨᠧᠵᠧᠷ ᠦᠨ ᠲᠤᠰᠢᠶᠠᠯ ᠢᠶᠠᠷ ᠪᠠᠶᠢᠭᠤᠯᠤᠨ᠂ ᠲᠤᠷᠰᠢᠯᠲᠠ ᠶᠢᠨ ᠬᠤᠪᠢᠯᠪᠤᠷᠢ ᠶᠢ ᠪᠡᠯᠡᠨ ᠪᠣᠯᠭᠠᠵᠤ᠂ ᠰᠤᠷᠭᠠᠯᠲᠠ ᠶᠢ ᠨᠡᠶᠢᠰᠯᠡᠯ ᠦᠨ ᠮᠡᠷᠭᠡᠵᠢᠯ ᠦᠨ ᠬᠢᠨᠠᠯᠲᠠ ᠶᠢᠨ ᠭᠠᠵᠠᠷ᠂ ᠴᠠᠭᠳᠠᠭ᠎ᠠ ᠶᠢᠨ ᠭᠠᠵᠠᠷ᠂ ᠣᠨᠴᠠᠭᠠᠢ ᠪᠠᠶᠢᠳᠠᠯ ᠤᠨ ᠭᠠᠵᠠᠷ᠂ ᠳᠡᠭᠦᠷᠭᠡ ᠨᠦᠭᠦᠳ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠬᠣᠯᠪᠣᠭᠳᠠᠬᠤ ᠠᠯᠪᠠᠨ ᠬᠠᠭᠠᠭᠴᠢᠳ ᠤᠨ ᠳᠤᠮᠳᠠ ᠵᠣᠬᠢᠶᠠᠨ ᠪᠠᠶᠢᠭᠤᠯᠤᠭᠰᠠᠨ ᠶᠤᠮ᠃
ᠨᠡᠶᠢᠰᠯᠡᠯ ᠦᠨ ᠦᠢᠯᠡᠴᠢᠯᠡᠭᠡᠨ ᠦ ᠨᠢᠭᠡᠳᠦᠭᠰᠡᠨ ᠴᠠᠬᠢᠮ ᠰᠢᠰᠲ᠋ᠧᠮ ᠨᠡᠪᠲᠡᠷᠡᠭᠰᠡᠨ ᠢᠶᠡᠷ ᠢᠷᠭᠡᠳ ᠲᠥᠷᠥ ᠶᠢᠨ ᠦᠢᠯᠡᠴᠢᠯᠡᠭᠡ ᠶᠢ ᠴᠠᠬᠢᠮ ᠢᠶᠠᠷ ᠠᠪᠬᠤ ᠨᠥᠬᠥᠴᠡᠯ ᠪᠥᠷᠢᠳᠴᠦ᠂ ᠲᠥᠷᠥ ᠥᠪᠡᠷ ᠲᠦ ᠪᠠᠶᠢᠭ᠎ᠠ ᠮᠡᠳᠡᠭᠡᠯᠡᠯ ᠢ ᠢᠷᠭᠡᠳ ᠡᠴᠡ ᠱᠠᠭᠠᠷᠳᠠᠬᠤ ᠦᠭᠡᠢ ᠪᠣᠯᠵᠤ᠂ ᠬᠦᠰᠡᠯᠲᠡ ᠶᠢᠨ ᠢᠶᠡᠨ ᠰᠢᠢᠳᠪᠦᠷᠢᠯᠡᠯᠲᠡ ᠶᠢᠨ ᠶᠠᠪᠤᠴᠠ ᠳᠤ ᠬᠢᠨᠠᠯᠲᠠ ᠲᠠᠯᠪᠢᠬᠤ᠂ ᠦᠢᠯᠡᠴᠢᠯᠡᠭᠡᠨ ᠦ ᠬᠣᠨᠣᠭ ᠬᠤᠭᠤᠴᠠᠭ᠎ᠠ᠂ ᠱᠠᠲᠤ ᠳᠠᠮᠵᠢᠯᠭ᠎ᠠ ᠪᠠᠭᠠᠰᠬᠤ᠂ ᠢᠨᠲᠸᠷᠨᠧᠲ ᠢᠶᠠᠷ ᠲᠥᠯᠥᠪᠦᠷᠢ᠂ ᠬᠤᠷᠢᠶᠠᠮᠵᠢ ᠪᠠᠨ ᠤᠯᠭᠤᠬᠤ ᠵᠡᠷᠭᠡ ᠣᠯᠠᠨ ᠲᠠᠯ᠎ᠠ ᠶᠢᠨ ᠠᠴᠢ ᠬᠣᠯᠪᠣᠭᠳᠠᠯ ᠲᠠᠢ ᠶᠤᠮ ᠬᠡᠮᠡᠨ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠶᠢᠨ ᠠᠵᠢᠯ ᠤᠨ ᠠᠯᠪᠠᠨ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ