ᠡᠷᠡᠭᠲᠡᠢ ᠡᠮᠡᠭᠲᠡᠢ ᠪᠠᠭ ᠹᠢᠯᠢᠫᠢᠨ᠂ ᠲᠠᠵᠢᠺᠰᠲ᠋ᠠᠨ ᠤᠯᠤᠰ ᠢ ᠵᠣᠷᠢᠪᠠ | News.MN

ᠡᠷᠡᠭᠲᠡᠢ ᠡᠮᠡᠭᠲᠡᠢ ᠪᠠᠭ ᠹᠢᠯᠢᠫᠢᠨ᠂ ᠲᠠᠵᠢᠺᠰᠲ᠋ᠠᠨ ᠤᠯᠤᠰ ᠢ ᠵᠣᠷᠢᠪᠠ

ᠮᠣᠩᠭᠣᠯ ᠤᠨ ᠬᠥᠯ ᠪᠥᠮᠪᠥᠭᠡ ᠶᠢᠨ ᠡᠷᠡᠭᠲᠡᠢ᠂ ᠡᠮᠡᠭᠲᠡᠢ ᠰᠢᠭᠰᠢᠭᠡ ᠪᠠᠭ ᠤᠨ ᠲᠠᠮᠢᠷᠴᠢᠳ ᠥᠩᠭᠡᠷᠡᠭᠰᠡᠨ ᠮᠢᠭᠮᠠᠷ ᠭᠠᠷᠠᠭ ᠲᠤ ᠹᠢᠯᠢᠫᠢᠨ᠂ ᠲᠠᠵᠢᠺᠰᠲ᠋ᠠᠨ ᠤᠯᠤᠰ ᠢ ᠲᠤᠰ ᠲᠤᠰ ᠵᠣᠷᠢᠪᠠ᠃  ᠡᠷᠡᠭᠲᠡᠶᠢᠴᠦᠳ ᠦᠨ ᠰᠢᠭᠰᠢᠭᠡ ᠪᠠᠭ ᠵᠡᠭᠦᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠣᠶᠠᠳᠤᠭᠠᠷ ᠱᠠᠲᠤᠨ ᠳᠤ ᠥᠷᠢᠰᠦᠯᠳᠦᠬᠦ ᠶᠢᠨ ᠡᠮᠦᠨ᠎ᠡ ᠹᠢᠯᠢᠫᠢᠨ ᠳᠤ ᠳᠣᠯᠣᠭᠠᠨ ᠬᠣᠨᠣᠭ ᠤᠨ ᠪᠡᠯᠡᠳᠬᠡᠯ ᠬᠢᠭᠡᠳ ᠬᠤᠪᠢᠶᠠᠷᠢ ᠶᠢᠨ ᠳᠠᠭᠠᠤ ᠲᠣᠭᠯᠠᠬᠤ ᠶᠤᠮ᠃  ᠲᠡᠳᠡ ᠡᠬᠢᠨ ᠦ ᠲᠣᠭᠯᠠᠯᠲᠠ ᠪᠠᠨ ᠡᠨᠡ ᠰᠠᠷ᠎ᠠ ᠶᠢᠨ 11 ᠍ ᠳᠦ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠲᠠᠢ᠂ 13 ᠍ ᠳᠦ ᠲᠠᠶᠢᠸᠠᠨ ᠲᠠᠢ᠂ 16 ᠍ ᠳᠦ ᠬᠤᠩᠺᠤᠩ ᠤᠨ ᠪᠠᠭ ᠲᠠᠢ ᠲᠣᠭᠯᠠᠨ᠎ᠠ᠃
ᠼ∙ᠭᠠᠩᠪᠣᠯᠣᠳ ᠳᠠᠰᠬᠠᠯᠵᠢᠭᠤᠯᠤᠭᠴᠢ ᠲᠠᠢ ᠡᠮᠡᠭᠲᠡᠶᠢᠴᠦᠳ ᠦᠨ ᠰᠢᠭᠰᠢᠭᠡ ᠪᠠᠭ ︽ ᠲᠤᠤᠺᠢᠤ᠋ 2020︾ ᠤᠯᠢᠮᠫᠢᠺ ᠤᠨ ᠡᠷᠬᠡ ᠶᠢᠨ ᠲᠥᠯᠦᠭᠡᠬᠢ ᠲᠡᠮᠡᠴᠡᠭᠡᠨ ᠦ ᠨᠢᠭᠡᠳᠦᠭᠡᠷ ᠱᠠᠲᠤᠨ ᠳᠤ ᠥᠷᠢᠰᠦᠯᠳᠦᠬᠦ ᠪᠡᠷ ᠲᠠᠵᠢᠺᠰᠲ᠋ᠠᠨ ᠤᠯᠤᠰ ᠢ  ᠵᠤᠷᠢᠵᠤ ᠪᠠᠶᠢᠭ᠎ᠠ ᠶᠤᠮ᠃  ᠤᠯᠢᠮᠫᠢᠺ ᠤᠨ ᠨᠠᠭᠠᠳᠤᠮ ᠤᠨ ᠡᠷᠬᠡ ᠶᠢᠨ ᠲᠥᠯᠥᠭᠡ ᠠᠩᠬ᠎ᠠ ᠤᠳᠠᠭ᠎ᠠ ᠦᠷᠢᠰᠦᠯᠳᠦᠬᠦ ᠡᠮᠡᠭᠲᠡᠢ ᠪᠠᠭ ᠲᠠᠵᠢᠺᠰᠲ᠋ᠠᠨ ᠂ ᠰᠢᠩᠭᠠᠫᠦᠷ᠂ ᠹᠢᠯᠢᠫᠢᠨ᠂ ᠲᠠᠶᠢᠸᠠᠨ ᠭᠡᠰᠡᠨ ᠳᠥᠷᠪᠡᠨ ᠪᠠᠭ ᠲᠠᠢ ᠲᠣᠭᠯᠠᠬᠤ ᠶᠤᠮ᠃ ᠲᠣᠭᠯᠠᠯᠲᠠ ᠡᠨᠡ ᠰᠠᠷ᠎ᠠ ᠶᠢᠨ 4-8 ᠍ ᠳᠦ ᠲᠠᠵᠢᠺᠰᠲ᠋ᠠᠨ  ᠳᠤ ᠪᠣᠯᠤᠨ᠎ᠠ᠃

ᠰᠡᠳᠬᠢᠭᠳᠡᠯ ᠦᠯᠡᠳᠡᠭᠡᠬᠦ