ᠠᠷᠪᠠᠳᠤᠭᠠᠷ ᠰᠠᠷ᠎ᠠ ᠶᠢᠨ 31 ᠍ ᠦ ᠡᠳᠦᠷ ᠣᠯᠠᠨ ᠤᠯᠤᠰ ᠤᠨ ᠸᠠᠯᠢᠶᠤᠲ ᠍ ᠤᠨ ᠵᠠᠬᠢᠷᠤᠯ ᠤᠳ ᠤᠨ ᠵᠥᠪᠯᠡᠯ ᠬᠤᠷᠠᠯᠳᠤᠵᠤ᠂ ᠭᠤᠷᠪᠠᠨ ᠵᠢᠯ ᠦᠨ ᠬᠤᠭᠤᠴᠠᠭ᠎ᠠ ᠲᠠᠢ ︽ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ︾ ᠶᠢᠨ ᠬᠡᠷᠡᠭᠵᠢᠯᠲᠡ ᠶᠢᠨ ᠲᠠᠪᠤᠳᠠᠬᠢ ᠱᠠᠲᠤᠨ ᠤ ᠦᠨᠡᠯᠡᠭᠡ ᠶᠢ ᠬᠡᠯᠡᠯᠴᠡᠵᠦ ᠪᠠᠲᠤᠯᠠᠵᠠᠢ᠃ ᠲᠤᠰ ᠰᠠᠩ ᠮᠣᠩᠭᠣᠯ ᠤᠯᠤᠰ ᠲᠤ 36.22 ᠰᠠᠶ᠎ᠠ ᠳ᠋ᠣᠯᠯᠠᠷ ᠤᠨ ᠰᠠᠩᠬᠦᠦᠵᠢᠯᠲᠠ ᠨᠡᠮᠡᠵᠦ ᠣᠯᠭᠤᠬᠤ ᠪᠠᠷ ᠪᠣᠯᠵᠠᠢ᠃ ︽ᠮᠣᠩᠭᠣᠯ ᠤᠯᠤᠰ ᠡᠭᠦᠷᠭᠡ ᠪᠡᠨ ᠰᠠᠶᠢᠨ ᠪᠡᠶᠡᠯᠡᠭᠦᠯᠵᠦ᠂ ᠤᠨᠠᠯᠲᠠ ᠳᠤ ᠣᠷᠣᠭᠠᠳ ᠪᠤᠢ ᠡᠳ᠋ ᠍ ᠦᠨ ᠵᠠᠰᠠᠭ ᠢᠶᠠᠨ ᠰᠡᠷᠭᠦᠭᠡᠬᠦ ᠪᠡᠷ ᠪᠦᠬᠦᠢ ᠯᠠ ᠪᠣᠯᠤᠮᠵᠢ ᠪᠠᠨ ᠠᠰᠢᠭᠯᠠᠨ᠂ ᠰᠠᠬᠢᠯᠭ᠎ᠠ ᠪᠠᠲᠤ ᠲᠠᠢ ᠠᠵᠢᠯᠯᠠᠵᠤ ᠪᠠᠶᠢᠨ᠎ᠠ》ᠬᠡᠮᠡᠨ ᠲᠡᠳᠡᠨ ᠦ ᠮᠡᠳᠡᠭᠳᠡᠯ ᠳᠦ ᠳᠤᠷᠠᠳᠴᠠᠢ ᠃ ᠮᠣᠩᠭᠣᠯ ᠤᠯᠤᠰ ᠤᠨ ᠵᠠᠰᠠᠭ ᠤᠨ ᠭᠠᠵᠠᠷ ᠡᠳ᠋ ᠍ ᠦᠨ ᠵᠠᠰᠠᠭ ᠢ ᠰᠡᠷᠭᠦᠭᠡᠬᠦ ᠬᠥᠲᠥᠯᠪᠦᠷᠢ ᠬᠡᠷᠡᠭᠵᠢᠭᠦᠯᠵᠦ᠂ ᠣᠯᠠᠨ ᠤᠯᠤᠰ ᠤᠨ ᠸᠠᠯᠢᠶᠤᠲ ᠍ ᠤᠨ ᠰᠠᠩ ᠤᠨ ᠳᠡᠮᠵᠢᠯᠭᠡ ᠲᠡᠢ ᠪᠡᠷ ᠲᠥᠰᠥᠪ ᠦᠨ ᠠᠯᠳᠠᠭᠳᠠᠯ ᠪᠣᠯᠤᠨ ᠦᠷᠢ ᠶᠢ ᠪᠠᠭᠤᠷᠠᠭᠤᠯᠬᠤ᠂ ᠭᠠᠳᠠᠭᠠᠳᠤ ᠸᠠᠯᠢᠶᠤᠲ ᠍ ᠤᠨ ᠨᠥᠭᠡᠴᠡ ᠪᠡᠨ ᠳᠠᠬᠢᠨ ᠪᠣᠰᠬᠠᠬᠤ᠂ ᠲᠣᠭᠲᠠᠪᠤᠷᠢᠲᠠᠢ᠂ ᠬᠦᠷᠲᠡᠭᠡᠮᠵᠢᠲᠡᠢ᠂ ᠥᠰᠦᠯᠲᠡ ᠶᠢ ᠳᠡᠮᠵᠢᠬᠦ ᠵᠣᠷᠢᠯᠭ᠎ᠠ ᠲᠠᠢ ᠪᠢᠯᠡ᠃