ᠨ∙ᠪᠠᠶᠠᠷᠲᠤᠰᠠᠶᠢᠬᠠᠨ᠄ ᠪᠢ ᠰᠠᠩ ᠠᠴᠠ ᠶᠠᠮᠠᠷ ᠨᠢᠭᠡᠨ ᠵᠢᠭᠡᠯᠡ ᠠᠪᠤᠭ᠎ᠠ ᠦᠭᠡᠢ | News.MN

ᠨ∙ᠪᠠᠶᠠᠷᠲᠤᠰᠠᠶᠢᠬᠠᠨ᠄ ᠪᠢ ᠰᠠᠩ ᠠᠴᠠ ᠶᠠᠮᠠᠷ ᠨᠢᠭᠡᠨ ᠵᠢᠭᠡᠯᠡ ᠠᠪᠤᠭ᠎ᠠ ᠦᠭᠡᠢ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ 2019 ᠣᠨ ᠳᠤ ᠪᠠᠷᠢᠮᠲᠠᠯᠠᠬᠤ ᠮᠥᠩᠭᠥᠨ ᠦ ᠪᠣᠳᠣᠯᠭ᠎ᠠ ᠶᠢᠨ ᠦᠨᠳᠦᠰᠦᠨ ᠴᠢᠭᠯᠡᠯ ᠢ ᠬᠡᠯᠡᠯᠴᠡᠵᠦ ᠪᠠᠶᠢᠨ᠎ᠠ᠃ ᠡᠭᠦᠨ ᠲᠡᠢ ᠬᠣᠯᠪᠣᠭᠳᠠᠭᠤᠯᠤᠨ ᠮᠣᠩᠭᠣᠯ  ᠪᠠᠩᠭᠢ ᠶᠢᠨ ᠶᠡᠷᠦᠩᠬᠡᠶᠢᠯᠡᠭᠴᠢ ᠨ∙ᠪᠠᠶᠠᠷᠲᠤᠰᠠᠶᠢᠬᠠᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ ᠪᠠᠶᠢᠭ᠎ᠠ ᠶᠤᠮ᠃ ᠵᠢᠵᠢᠭ᠂ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠲᠡᠭᠦᠨ ᠢ ᠵᠢᠭᠡᠯᠡ ᠠᠪᠤᠭᠰᠠᠨ ᠭᠡᠳᠡᠭ ᠮᠡᠳᠡᠭᠡᠯᠡᠯ ᠭᠠᠷᠤᠭᠰᠠᠨ᠃ ᠡᠨᠡ ᠲᠠᠯ᠎ᠠ ᠪᠠᠷ ᠣ᠊∙ᠪᠠᠰᠠᠩᠬᠦᠦ ᠭᠡᠰᠢᠭᠦᠨ ᠲᠡᠭᠦᠨ ᠡᠴᠡ ᠄ ᠲᠠᠨ ᠢ ᠵᠢᠵᠢᠭ᠂ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠵᠢᠭᠡᠯᠡ ᠠᠪᠤᠭᠰᠠᠨ ᠭᠡᠰᠡᠨ ᠮᠡᠳᠡᠭᠡᠯᠡᠯ ᠭᠠᠷᠤᠭᠰᠠᠨ᠃ ᠡᠨᠡ ᠦᠨᠡᠨ ᠤᠤ  ᠭᠡᠰᠡᠨ  ᠳᠦ  ᠲᠡᠷᠡ  ᠪᠡᠷ ᠄ ᠣ᠊∙ᠪᠠᠰᠠᠩᠬᠦᠦ ᠭᠡᠰᠢᠭᠦᠨ ᠳᠦ ᠪᠠᠶᠠᠷᠯᠠᠯ᠎ᠠ᠃ ᠪᠢ ᠡᠨᠡ ᠲᠤᠬᠠᠢ ᠮᠡᠳᠡᠭᠡᠯᠡᠯ ᠰᠣᠨᠣᠰᠤᠭ᠎ᠠ ᠦᠭᠡᠢ᠃ ᠲᠡᠶᠢᠮᠦ ᠡᠴᠡ ᠶᠠᠮᠠᠷ ᠮᠡᠳᠡᠭᠡ ᠭᠠᠷᠤᠭᠰᠠᠨ ᠢ ᠨᠢ ᠰᠢᠯᠭᠠᠵᠤ ᠦᠵᠡᠶ᠎ᠡ᠃ ᠪᠢ ᠵᠢᠵᠢᠭ᠂ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠶᠠᠮᠠᠷ ᠨᠢᠭᠡᠨ ᠵᠢᠭᠡᠯᠡ ᠠᠪᠤᠭ᠎ᠠ ᠦᠭᠡᠢ᠃ ᠲᠡᠭᠡᠬᠦ ᠪᠡᠷ ᠡᠨᠡ ᠪᠣᠯ ᠬᠤᠳᠠᠯ ᠮᠡᠳᠡᠭᠡᠯᠡᠯ ᠭᠡᠰᠡᠨ ᠦᠭᠡ᠃ ᠮᠣᠩᠭᠣᠯ ᠪᠠᠩᠭᠢ ᠳᠤ ᠵᠢᠭᠡᠯᠡ ᠶᠢᠨ ᠮᠡᠳᠡᠭᠡᠯᠡᠯ ᠦᠨ ᠰᠠᠩ ᠭᠡᠵᠦ ᠪᠤᠢ᠃ ᠬᠠᠷᠢᠨ ᠵᠢᠵᠢᠭ᠂ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠠᠪᠤᠭᠰᠠᠨ ᠵᠢᠭᠡᠯᠡ ᠪᠦᠷᠢᠳᠬᠡᠭᠳᠡᠳᠡᠭ ᠦᠭᠡᠢ᠃ ᠫ∙ᠰᠡᠷᠭᠦᠯᠡᠩ ᠰᠠᠶᠢᠳ ᠤᠨ ᠦᠶ᠎ᠡ ᠳᠦ ᠵᠢᠵᠢᠭ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠭᠠᠷᠴᠤ ᠪᠠᠶᠢᠭ᠎ᠠ ᠵᠢᠭᠡᠯᠡ ᠶᠢᠨ ᠮᠡᠳᠡᠭᠡᠯᠡᠯ ᠢ ᠪᠦᠷᠢᠳᠬᠡᠭᠦᠯᠵᠦ ᠪᠠᠶᠢᠬᠤ ᠨᠢ ᠵᠦᠢᠲᠡᠢ ᠭᠡᠰᠡᠨ ᠠᠯᠪᠠᠨ ᠪᠢᠴᠢᠭ ᠢᠯᠡᠭᠡᠵᠦ ᠪᠠᠶᠢᠭᠰᠠᠨ ᠭᠡᠯ᠎ᠡ᠃

ᠰᠡᠳᠬᠢᠭᠳᠡᠯ ᠦᠯᠡᠳᠡᠭᠡᠬᠦ