ᠰ∙ᠣᠳᠣᠨᠲᠤᠶᠠᠭ᠎ᠠ ᠤᠯᠠᠷᠢᠨ ᠰᠣᠩᠭᠣᠭᠳᠠᠯ᠎ᠠ | News.MN

ᠰ∙ᠣᠳᠣᠨᠲᠤᠶᠠᠭ᠎ᠠ ᠤᠯᠠᠷᠢᠨ ᠰᠣᠩᠭᠣᠭᠳᠠᠯ᠎ᠠ

ᠠᠷᠠᠳᠴᠢᠯᠠᠭᠰᠠᠨ ᠡᠮᠡᠭᠲᠡᠶᠢᠴᠦᠳ ᠦᠨ ᠬᠣᠯᠪᠣᠭ᠎ᠠ ᠪᠦᠬᠦ ᠱᠠᠲᠤᠨ ᠤ ᠲᠡᠷᠢᠭᠦᠨ ᠢᠶᠡᠨ ᠰᠤᠩᠭᠤᠬᠤ ᠰᠣᠩᠭᠣᠭᠤᠯᠢ ᠶᠢ ᠶᠠᠪᠤᠭᠤᠯᠵᠤ  ᠳ᠋ᠦᠩ ᠢᠶᠡᠨ  ᠭᠠᠷᠠᠭᠠᠵᠤ ᠂  ᠪᠠᠶᠠᠩᠭᠤᠤᠯ ᠳᠡᠭᠦᠷᠭᠡ ᠶᠢᠨ ᠵᠠᠰᠠᠭ ᠳᠠᠷᠤᠭ᠎ᠠ ᠰ∙ᠣᠳᠣᠨᠲᠤᠶᠠᠭ᠎ᠠ ᠮᠤᠩᠭᠤᠯ ᠤᠨ ᠠᠷᠠᠳᠴᠢᠯᠠᠭᠰᠠᠨ ᠡᠮᠡᠭᠲᠡᠶᠢᠴᠦᠳ ᠦᠨ ᠬᠣᠯᠪᠣᠭ᠎ᠠᠶᠢᠨ  ᠲᠡᠷᠢᠭᠦᠨ  ᠢᠶᠡᠷ ᠤᠯᠠᠷᠢᠨ ᠰᠣᠩᠭᠣᠭᠳᠠᠵᠠᠢ᠃ ᠨᠡᠶᠢᠰᠯᠡᠯ ᠦᠨ ᠠᠷᠠᠳᠴᠢᠯᠠᠭᠰᠠᠨ ᠡᠮᠡᠭᠲᠡᠶᠢᠴᠦᠳ ᠦᠨ ᠬᠣᠯᠪᠣᠭ᠎ᠠ ᠶᠢᠨ  ᠲᠡᠷᠢᠭᠦᠨ ᠢᠶᠡᠷ ᠪ∙ ᠫᠤᠩᠰᠤᠯᠮ᠎ᠠ ᠰᠣᠩᠭᠣᠭᠳᠠᠭᠰᠠᠨ ᠪᠠᠶᠢᠨ᠎ᠠ᠃

ᠠᠷᠠᠳᠴᠢᠯᠠᠭᠰᠠᠨ ᠡᠮᠡᠭᠲᠡᠶᠢᠴᠦᠳ ︽ᠰᠡᠳᠬᠢᠯ ᠦᠨ ᠬᠦᠴᠦ︾ ᠤᠷᠢᠶᠠᠨ ᠳᠣᠣᠷ᠎ᠠ ᠨᠢᠭᠡᠳᠦᠨ᠂ ᠨᠢᠭᠡ ᠰᠠᠷ᠎ᠠ ᠶᠢᠨ ᠲᠤᠷᠰᠢ ᠮᠣᠩᠭᠣᠯ ᠣᠷᠣᠨ ᠤ 21 ᠠᠶᠢᠮᠠᠭ᠂ ᠨᠡᠶᠢᠰᠯᠡᠯ ᠦᠨ ᠶᠢᠰᠦᠨ ᠳᠡᠭᠦᠷᠭᠡ ᠪᠡᠷ ᠥᠷᠲᠡᠭᠡᠯᠡᠨ ᠠᠵᠢᠯᠯᠠᠭᠰᠠᠨ ᠪᠠᠶᠢᠨ᠎ᠠ᠃ ᠲᠡᠳᠡ ᠨᠡᠶᠢᠲᠡ 20 ᠭᠠᠷᠤᠢ ᠮᠢᠩᠭᠠᠨ  ᠺᠢᠯᠤᠮᠸᠲᠷ ᠵᠠᠮ ᠲᠤᠭᠤᠯᠵᠤ᠂ 30 ᠮᠢᠩᠭᠠᠨ ᠡᠮᠡᠭᠲᠡᠢ ᠶᠢᠨ ᠳᠠᠭᠤᠤ ᠬᠣᠭᠣᠯᠠᠢ ᠶᠢ  ︽ᠰᠡᠳᠬᠢᠯ ᠦᠨ ᠬᠦᠴᠦ︾ ᠠᠶᠠᠨ ᠳᠤ ᠨᠢᠭᠡᠳᠬᠡᠵᠦ᠂ ᠰᠠᠨᠠᠯ ᠪᠣᠳᠣᠯ ᠢ ᠨᠢ ᠰᠣᠨᠣᠰᠴᠠᠢ᠃ ᠠᠵᠢᠯ  ᠦᠭᠡᠶᠢᠳᠡᠯ᠂ ᠶᠠᠳᠠᠭᠤᠷᠠᠯ᠂ 40 ᠍ ᠡᠴᠡ ᠳᠡᠭᠡᠭᠰᠢ ᠨᠠᠰᠤᠨ ᠤ ᠬᠢᠨ ᠤ ᠬᠥᠳᠡᠯᠮᠦᠷᠢ ᠡᠷᠬᠢᠯᠡᠯᠲᠡ ᠶᠢᠨ ᠪᠠᠶᠢᠳᠠᠯ᠂ ᠭᠡᠷ ᠪᠦᠯᠢ ᠶᠢᠨ ᠬᠦᠴᠦᠷᠬᠡᠶᠢᠯᠡᠯ᠂ ᠪᠠᠶᠢᠭᠠᠯᠢ ᠣᠷᠴᠢᠨ ᠤ ᠠᠰᠠᠭᠤᠳᠠᠯ᠂ ᠥᠰᠪᠦᠷᠢ ᠨᠠᠰᠤᠨ ᠤ  ᠦᠬᠢᠳ ᠤᠨ ᠵᠢᠷᠮᠦᠰᠦᠯᠡᠯᠲᠡ ᠵᠡᠷᠭᠡ ᠣᠯᠠᠨ ᠠᠰᠠᠭᠤᠳᠠᠯ ᠢ ᠠᠭᠤᠯᠵᠠᠯᠲᠠ ᠶᠢᠨ ᠦᠶ᠎ᠡ ᠪᠡᠷ ᠡᠮᠡᠭᠲᠡᠶᠢᠴᠦᠳ ᠬᠥᠨᠳᠡᠭᠰᠡᠨ ᠪᠠᠶᠢᠨ᠎ᠠ᠃ ᠡᠮᠡᠭᠲᠡᠶᠢᠴᠦᠳ ᠦᠨ ᠬᠥᠨᠳᠡᠭᠰᠡᠨ ᠠᠰᠠᠭᠤᠳᠠᠯ᠂ ᠳᠡᠪᠰᠢᠭᠦᠯᠦᠭᠰᠡᠨ ᠰᠠᠨᠠᠯ ᠰᠠᠨᠠᠭᠠᠴᠢᠯᠠᠭ᠎ᠠ ᠶᠢ ᠠᠷᠠᠳᠴᠢᠯᠠᠭᠰᠠᠨ ᠨᠠᠮ ᠤᠨ ᠳᠡᠷᠭᠡᠳᠡᠬᠢ ᠪᠣᠳᠣᠯᠭ᠎ᠠ ᠶᠢᠨ ᠵᠥᠪᠯᠡᠯ ᠳᠦ ᠬᠦᠷᠭᠡᠭᠦᠯᠵᠦ᠂ ᠮᠥᠷ ᠦᠨ ᠬᠥᠲᠥᠯᠪᠦᠷᠢ ᠳᠦ ᠲᠤᠰᠬᠠᠭᠤᠯᠤᠨ᠂ ᠠᠵᠢᠯ ᠬᠡᠷᠡᠭ ᠪᠣᠯᠭᠠᠬᠤ ᠶᠢᠨ ᠲᠥᠯᠥᠭᠡ ᠡᠪ ᠨᠢᠭᠡᠳᠦᠯ ᠢ ᠬᠠᠩᠭᠠᠨ ᠠᠵᠢᠯᠯᠠᠬᠤ ᠪᠠᠨ ᠰ∙ᠣᠳᠣᠨᠲᠤᠶᠠᠭ᠎ᠠ᠂ ᠪ∙ᠫᠤᠩᠰᠤᠯᠮ᠎ᠠ ᠨᠠᠷ ᠢᠯᠡᠷᠬᠡᠶᠢᠯᠡᠯ᠎ᠡ᠃ ᠲᠡᠭᠦᠨᠴᠢᠯᠡᠨ ᠠᠷᠠᠳᠴᠢᠯᠠᠭᠰᠠᠨ ᠡᠮᠡᠭᠲᠡᠶᠢᠴᠦᠳ ᠨᠠᠮ ᠢᠶᠠᠷ ᠬᠢᠵᠠᠭᠠᠷᠯᠠᠭᠳᠠᠬᠤ ᠦᠭᠡᠢ ᠪᠡᠷ ᠮᠣᠩᠭᠣᠯ ᠤᠯᠤᠰ ᠤᠨ ᠨᠡᠶᠢᠲᠡ ᠥᠬᠢᠳ᠂ ᠪᠦᠰᠡᠭᠦᠶᠢᠴᠦᠳ ᠦᠨ ᠲᠥᠯᠥᠭᠡ ᠠᠵᠢᠯᠯᠠᠬᠤ ᠪᠠᠨ ᠢᠯᠡᠷᠬᠡᠶᠢᠯᠡᠵᠡᠢ᠃

ᠰᠡᠳᠬᠢᠭᠳᠡᠯ ᠦᠯᠡᠳᠡᠭᠡᠬᠦ