ᠰᠣᠩᠭᠢᠨ᠎ᠠ ᠬᠠᠶᠢᠷᠬᠠᠨ ᠂ ᠪᠠᠶᠠᠨᠵᠢᠷᠦᠬᠡ ᠳᠡᠭᠦᠷᠭᠡ ᠶᠢ ᠬᠤᠪᠢᠶᠠᠨ᠎ᠠ | News.MN

ᠰᠣᠩᠭᠢᠨ᠎ᠠ ᠬᠠᠶᠢᠷᠬᠠᠨ ᠂ ᠪᠠᠶᠠᠨᠵᠢᠷᠦᠬᠡ ᠳᠡᠭᠦᠷᠭᠡ ᠶᠢ ᠬᠤᠪᠢᠶᠠᠨ᠎ᠠ

ᠰᠣᠩᠭᠢᠨ᠎ᠠ  ᠬᠠᠶᠢᠷᠬᠠᠨ᠂ ᠪᠠᠶᠠᠨᠵᠢᠷᠦᠬᠡ ᠳᠡᠭᠦᠷᠭᠡ ᠶᠢ ᠬᠤᠪᠢᠶᠠᠬᠤ ᠰᠠᠨᠠᠯ ᠢ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠳᠡᠮᠵᠢᠨ᠂ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠤᠯ᠎ᠠ᠃ 2019 ᠣᠨ ᠤ ᠦᠨᠳᠦᠰᠦᠨ ᠴᠢᠭᠯᠡᠯ ᠳᠦ ᠬᠦᠮᠦᠨ ᠠᠮᠠ ᠶᠢᠨ ᠲᠣᠭ᠎ᠠ᠂ ᠨᠢᠭᠲᠠᠷᠰᠢᠯ ᠢ ᠦᠨᠳᠦᠰᠦᠯᠡᠨ ᠰᠣᠩᠭᠢᠨ᠎ᠠ ᠬᠠᠶᠢᠷᠠᠬᠨ᠂ ᠪᠠᠶᠠᠨᠵᠢᠷᠦᠬᠡ ᠳᠡᠭᠦᠷᠭᠡ ᠶᠢ ᠬᠤᠪᠢᠶᠠᠬᠤ᠂ ᠰᠢᠨ᠎ᠡ ᠪᠡᠷ ᠳᠡᠭᠦᠷᠭᠡ ᠪᠠᠶᠢᠭᠤᠯᠬᠤ ᠠᠰᠠᠭᠤᠳᠠᠯ ᠢᠶᠠᠷ ᠲᠥᠯᠥᠭᠡᠯᠡᠭᠴᠢ ᠪ∙ᠰᠦᠬᠡᠪᠠᠭᠠᠲᠤᠷ ᠤᠨ ᠰᠠᠨᠠᠯ᠂ ᠲᠥᠯᠥᠭᠡᠯᠡᠭᠴᠢ ᠱ∙ᠲᠡᠮᠦᠷᠪᠠᠭᠠᠲᠤᠷ ᠤᠨ ᠭᠠᠷᠭᠠᠭᠰᠠᠨ ᠰᠦᠬᠡᠪᠠᠭᠠᠲᠤᠷ ᠳᠡᠭᠦᠷᠭᠡ ᠶᠢᠨ ᠠᠷᠪᠠᠨ ᠵᠢᠷᠭᠤᠳᠤᠭᠠᠷ ᠬᠣᠷᠢᠶ᠎ᠠ ᠶᠢ ᠬᠤᠪᠢᠶᠠᠬᠤ ᠵᠠᠷᠴᠢᠮ ᠤᠨ ᠰᠠᠨᠠᠯ ᠤᠨ ᠳᠠᠭᠠᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠦᠨ ᠳᠤᠮᠳᠠ ᠰᠠᠨᠠᠯ ᠬᠤᠷᠢᠶᠠᠯᠲᠠ ᠶᠠᠪᠤᠭᠤᠯᠬᠤ ᠳᠤ ᠣᠯᠠᠩᠬᠢ ᠲᠥᠯᠥᠭᠡᠯᠡᠭᠴᠢ ᠳᠡᠮᠵᠢᠭᠰᠡᠨ ᠪᠠᠶᠢᠨ᠎ᠠ ᠃

ᠰᠡᠳᠬᠢᠭᠳᠡᠯ ᠦᠯᠡᠳᠡᠭᠡᠬᠦ