ᠯᠤᠨᠳᠤᠨ ᠤ ᠬᠥᠷᠥᠩᠭᠡ ᠶᠢᠨ ᠪᠢᠷᠵᠢ ᠪᠢᠳᠡᠨ ᠳᠦ ᠲᠤᠰᠠᠯᠠᠨ᠎ᠠ | News.MN

ᠯᠤᠨᠳᠤᠨ ᠤ ᠬᠥᠷᠥᠩᠭᠡ ᠶᠢᠨ ᠪᠢᠷᠵᠢ ᠪᠢᠳᠡᠨ ᠳᠦ ᠲᠤᠰᠠᠯᠠᠨ᠎ᠠ

ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ  ᠳ᠋ᠡᠬᠢ ᠮᠣᠩᠭᠣᠯ  ᠪᠷᠢᠲ᠋ᠠᠨ ᠤ ᠫᠠᠷᠯᠠᠮᠧᠨᠲ ᠤᠨ ᠪᠦᠯᠦᠭ ᠦᠨ ᠳᠠᠷᠤᠭ᠎ᠠ ᠰ∙ᠪᠠᠲᠤᠪᠤᠯᠤᠳ ᠲᠡᠷᠢᠭᠦᠲᠡᠢ  ᠲᠥᠯᠥᠭᠡᠯᠡᠭᠴᠢᠳ ᠪᠷᠢᠲ᠋ᠠᠨ ᠤ ᠫᠠᠷᠯᠠᠮᠧᠨᠲ ᠳᠠᠬᠢ ᠪᠷᠢᠲ᠋ᠠᠨ ᠮᠣᠩᠭᠣᠯ ᠤᠨ ᠫᠠᠷᠯᠠᠮᠧᠨᠲ ᠤᠨ ᠪᠦᠯᠦᠭ ᠦᠨ ᠤᠷᠢᠯᠭ᠎ᠠ ᠪᠠᠷ ᠯᠣᠨᠳᠣᠨ  ᠬᠤᠲᠠᠨ ᠳᠤ 2018 ᠣᠨ ᠤ ᠠᠷᠪᠠᠳᠤᠭᠠᠷ ᠰᠠᠷ᠎ᠠ ᠶᠢᠨ 27 ᠍ ᠠᠴᠠ ᠠᠷᠪᠠᠨ ᠨᠢᠭᠡᠳᠦᠭᠡᠷ ᠰᠠᠷ᠎ᠠ ᠶᠢᠨ 02 ᠍ ᠤ ᠡᠳᠦᠷ ᠦᠳ ᠲᠦ ᠠᠵᠢᠯ ᠤᠨ ᠠᠶᠢᠯᠴᠢᠯᠠᠯ ᠬᠢᠯ᠎ᠡ᠃ ᠲᠡᠳᠡᠨ ᠢ ᠪᠷᠢᠲ᠋ᠠᠨ ‍ᠣ ᠫᠠᠷᠯᠠᠮᠧᠨᠲ ᠳᠠᠬᠢ ᠪᠦᠬᠦ ᠨᠠᠮ ᠤᠨ ᠪᠷᠢᠲ᠋ᠠᠨ ᠮᠣᠩᠭᠣᠯ ᠤᠨ ᠫᠠᠷᠯᠠᠮᠧᠨᠲ ᠤᠨ ᠪᠦᠯᠦᠭ ᠦᠨ ᠳᠠᠷᠤᠭ᠎ᠠ ᠵᠤᠨ ᠬ᠋ᠷᠤᠭᠠᠨ ᠬᠦᠯᠢᠶᠡᠨ ᠠᠪᠴᠤ᠂ ᠪᠷᠢᠲ᠋ᠠᠨ  ‍ᠣ ᠫᠠᠷᠯᠠᠮᠧᠨᠲ ᠭᠠᠳᠠᠭᠠᠳᠤ ᠬᠡᠷᠡᠭ᠂ ᠬᠠᠮᠲᠤ ᠶᠢᠨ ᠨᠥᠬᠥᠷᠯᠡᠯ ᠦᠨ ᠶᠠᠮᠤᠨ ᠤ ᠦᠢᠯᠡ ᠠᠵᠢᠯᠯᠠᠭᠠᠨ ᠤ ᠠᠰᠠᠭᠤᠯᠭ᠎ᠠ ᠶᠢᠨ ᠴᠠᠭ ᠢᠶᠠᠷ ᠢᠶᠠᠨ ᠪᠷᠢᠲ᠋ᠠᠨ ᠮᠣᠩᠭᠣᠯ ᠤᠨ  ᠬᠠᠷᠢᠯᠴᠠᠭ᠎ᠠ ᠶᠢ ᠬᠡᠷᠬᠢᠨ ᠦᠨᠡᠯᠡᠵᠦ ᠪᠠᠶᠢᠭ᠎ᠠ ᠲᠤᠬᠠᠢ ᠠᠰᠠᠭᠤᠳᠠᠯ ᠢ ᠠᠩᠬ᠎ᠠ ᠤᠳᠠᠭ᠎ᠠ ᠪᠠᠨ ᠬᠡᠯᠡᠯᠴᠡᠭᠰᠡᠨ ᠪᠠᠶᠢᠨ᠎ᠠ᠃ ᠮᠣᠩᠭᠣᠯ ᠤᠯᠤᠰ ᠤᠨ ᠭᠠᠳᠠᠭᠠᠳᠤ ᠬᠠᠮᠲᠤ ᠶᠢᠨ ᠠᠵᠢᠯᠯᠠᠭ᠎ᠠ᠂ ᠲᠡᠷᠡ ᠳᠤᠮᠳᠠ ᠪᠠᠨ ᠡᠮᠦᠨᠡᠲᠦ ᠬᠤᠶᠢᠳᠤ ᠬᠥᠷᠰᠢ ᠪᠣᠯᠤᠨ  ᠪᠦᠭᠦᠳᠠ ᠨᠠᠶᠢᠷᠠᠮᠳᠠᠬᠤ ᠰᠤᠯᠤᠩᠭᠤᠰ ᠤᠯᠤᠰ ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠲᠠᠢ ᠬᠠᠷᠢᠯᠴᠠᠬᠤ ᠬᠠᠷᠢᠯᠴᠠᠭ᠎ᠠ ᠬᠢᠭᠡᠳ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠪᠣᠳᠣᠯᠭ᠎ᠠ ᠪᠷᠢᠲ᠋ᠠᠨ ᠤ ᠫᠠᠷᠯᠠᠮᠧᠨᠲ ᠤᠨ ᠭᠡᠰᠢᠭᠦᠳ ᠦᠨ ᠰᠣᠨᠢᠷᠬᠠᠯ ᠢ ᠶᠡᠬᠡᠬᠡᠨ  ᠲᠠᠲᠠᠭᠰᠠᠨ  ᠶᠤᠮ᠃
ᠲᠥᠯᠥᠭᠡᠯᠡᠭᠴᠢᠳ  ᠯᠤᠨᠳᠤᠨ ᠤ ᠬᠥᠷᠥᠩᠭᠡ ᠶᠢᠨ ᠪᠢᠷᠵᠢ ᠶᠢᠨ ᠦᠢᠯᠡ ᠠᠵᠢᠯᠯᠠᠭ᠎ᠠ ᠲᠠᠢ  ᠲᠠᠨᠢᠯᠴᠠᠵᠤ ᠂ ᠮᠣᠩᠭᠣᠯ ᠤᠨ ᠬᠥᠷᠥᠩᠭᠡ ᠶᠢᠨ ᠪᠢᠷᠵᠢ᠂  ᠯᠤᠨᠳᠤᠨ ᠤ ᠬᠥᠷᠥᠩᠭᠡ ᠶᠢᠨ ᠪᠢᠷᠵᠢ ᠶᠢᠨ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠬᠥᠭᠵᠢᠭᠦᠯᠬᠦ ᠥᠷᠭᠡᠨ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠭᠰᠠᠨ  ᠪᠦᠭᠡᠳ  ᠯᠤᠨᠳᠤᠨ ᠤ ᠬᠥᠷᠥᠩᠭᠡ ᠶᠢᠨ ᠪᠢᠷᠵᠢ ᠶᠢᠨ ᠬᠢᠨ ᠮᠣᠩᠭᠣᠯ ᠤᠨ ᠬᠥᠷᠥᠩᠭᠡ ᠶᠢᠨ ᠵᠠᠬ᠎ᠠ ᠵᠡᠭᠡᠯᠢ ᠶᠢ ᠣᠯᠠᠨ ᠤᠯᠤᠰ ᠤᠨ ᠲᠦᠪᠰᠢᠨ ᠳᠦ ᠬᠦᠷᠭᠡᠬᠦ᠂ ᠮᠣᠩᠭᠣᠯ ᠤᠨ ᠲᠥᠷᠥ ᠶᠢᠨ ᠥᠮᠴᠢ ᠶᠢᠨ ᠠᠵᠤ ᠠᠬᠤᠢ ᠶᠢᠨ ᠨᠢᠭᠡᠴᠢ ᠨᠦᠭᠦᠳ ᠦᠨ ᠬᠤᠪᠢᠴᠢᠯᠠᠯ ᠢ ᠠᠮᠵᠢᠯᠲᠠᠲᠠᠢ ᠵᠣᠬᠢᠶᠠᠨ ᠪᠠᠶᠢᠭᠤᠯᠬᠤ ᠳᠤ ᠲᠤᠰᠯᠠᠬᠤ ᠳᠤ ᠪᠡᠯᠡᠨ ᠪᠠᠶᠢᠭ᠎ᠠ ᠪᠠᠨ ᠢᠯᠡᠷᠬᠡᠶᠢᠯᠡᠵᠡᠢ᠃ ᠡᠨᠡ ᠣᠨ ᠳᠤ ᠲᠣᠬᠢᠶᠠᠵᠤ ᠪᠤᠢ ᠮᠣᠩᠭᠣᠯ ᠤᠯᠤᠰ᠂ ᠶᠡᠬᠡ  ᠪᠷᠢᠲ᠋ᠠᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠶᠢᠨ ᠬᠦᠷᠢᠶᠡᠨ ᠳᠦ ᠵᠣᠬᠢᠶᠠᠨ ᠪᠠᠶᠢᠭᠤᠯᠤᠭᠰᠠᠨ ᠠᠵᠢᠯ ᠤᠨ ᠠᠶᠢᠯᠴᠢᠯᠠᠯ ᠥᠨᠥᠳᠥᠷ ᠥᠨᠳᠥᠷᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

ᠪᠠᠲᠤ 2018-11-05 64.119.18.10

ᠡᠮᠦᠨᠡᠬᠢ ᠠᠵᠢᠯ  ᠤᠨ ᠦᠷ᠎ᠡ ᠳ᠋ᠦᠩ ᠶᠠᠭᠤ ᠪᠣᠯᠤᠭᠰᠠᠨ ᠪᠤᠢ︖