ᠴᠠᠭᠳᠠᠭ᠎ᠠ᠂ ᠴᠡᠷᠢᠭ ᠦᠨ ᠬᠢᠨ ᠪᠣᠺᠰ ᠦᠨ ᠠᠪᠤᠷᠭᠤ ᠪᠠᠨ ᠰᠢᠯᠭᠠᠷᠠᠭᠤᠯᠪᠠ | News.MN

ᠴᠠᠭᠳᠠᠭ᠎ᠠ᠂ ᠴᠡᠷᠢᠭ ᠦᠨ ᠬᠢᠨ ᠪᠣᠺᠰ ᠦᠨ ᠠᠪᠤᠷᠭᠤ ᠪᠠᠨ ᠰᠢᠯᠭᠠᠷᠠᠭᠤᠯᠪᠠ

ᠴᠠᠭᠳᠠᠭ᠎ᠠ᠂ ᠳᠣᠲᠣᠭᠠᠳᠤ ᠶᠢᠨ ᠴᠡᠷᠢᠭ ᠦᠨ ᠪᠠᠶᠢᠭᠤᠯᠤᠯᠭ᠎ᠠ ᠶᠢᠨ ᠪᠣᠺᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠥᠩᠭᠡᠷᠡᠭᠰᠡᠨ ᠪᠠᠰᠠᠩ ᠭᠠᠷᠠᠭ ︵2018.11.01︶ ᠲᠤ ︽ᠬᠦᠴᠦ︾ ᠰᠫᠣᠷᠲ ᠬᠣᠷᠢᠶᠠᠨ ᠳᠤ ᠪᠣᠯᠤᠯ᠎ᠠ᠃ ᠲᠡᠮᠡᠴᠡᠭᠡᠨ ᠳᠦ 32 ᠠᠩᠭᠢ᠂ ᠪᠠᠶᠢᠭᠤᠯᠤᠯᠭ᠎ᠠ ᠶᠢᠨ 105 ᠲᠠᠮᠢᠷᠴᠢᠨ ᠨᠠᠢᠮᠠᠨ ᠵᠢᠩ ᠦᠨ ᠠᠩᠭᠢᠯᠠᠯ ᠳᠤ ᠥᠷᠢᠰᠦᠯᠳᠦᠭᠰᠡᠨ᠃ ᠡᠭᠦᠨ ᠡᠴᠡ ᠡᠷᠭᠢᠭᠦᠯ ᠬᠠᠮᠠᠭᠠᠯᠠᠯᠲᠠ ᠶᠢᠨ ᠭᠠᠵᠠᠷ ᠤᠨ ᠪᠠᠭ ᠲᠡᠷᠢᠭᠦᠯᠡᠵᠦ᠂ ᠳᠡᠳ᠋ ᠪᠠᠶᠢᠷᠢ ᠳᠤ ᠲᠤᠰᠬᠠᠢ ᠠᠵᠢᠯᠯᠠᠭᠠᠨ ᠤ ᠭᠠᠵᠠᠷ᠂ ᠭᠤᠲᠠᠭᠠᠷ ᠪᠠᠶᠢᠷᠢ ᠳᠤ ᠳᠣᠲᠣᠭᠠᠳᠤ ᠶᠢᠨ ᠴᠡᠷᠢᠭ ᠦᠨ 805 ᠳ᠋ᠤᠭᠠᠷ ᠠᠩᠬᠢ ᠶᠢᠨ ᠪᠠᠭ ᠲᠠᠮᠢᠷᠴᠢᠳ ᠰᠢᠯᠭᠠᠷᠠᠭᠰᠠᠨ ᠶᠤᠮ᠃ ᠡᠨᠡ ᠤᠳᠠᠭ᠎ᠠ ᠶᠢᠨ ᠲᠡᠮᠡᠴᠡᠭᠡᠨ ᠢ ᠰᠣᠩᠭᠢᠨ᠎ᠠ ᠬᠠᠶᠢᠷᠠᠬᠠᠨ ᠳᠡᠭᠦᠷᠭᠡ ᠳ᠋ᠡᠬᠢ ᠴᠠᠭᠳᠠᠭ᠎ᠠ ᠶᠢᠨ ᠨᠢᠭᠡ᠂ ᠬᠣᠶᠠᠷ᠂ ᠭᠤᠷᠪᠠᠳᠤᠭᠠᠷ ᠬᠡᠯᠲᠡᠰ ᠦᠨ ᠨᠡᠷᠡᠮᠵᠢᠲᠦ ᠪᠣᠯᠭᠠᠨ ᠵᠣᠬᠢᠶᠠᠨ ᠪᠠᠶᠢᠭᠤᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ