ᠰᠢᠲᠠᠷ᠎ᠠ ᠰᠣᠨᠢᠷᠬᠠᠭᠴᠢᠳ ᠤᠨ ᠤᠯᠤᠰ ᠤᠨ ᠠᠪᠤᠷᠭᠤ ᠰᠢᠯᠭᠠᠷᠠᠭᠤᠯᠤᠨ᠎ᠠ | News.MN

ᠰᠢᠲᠠᠷ᠎ᠠ ᠰᠣᠨᠢᠷᠬᠠᠭᠴᠢᠳ ᠤᠨ ᠤᠯᠤᠰ ᠤᠨ ᠠᠪᠤᠷᠭᠤ ᠰᠢᠯᠭᠠᠷᠠᠭᠤᠯᠤᠨ᠎ᠠ

ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠢᠪᠡᠭᠡᠯ ᠳᠣᠣᠷ᠎ᠠ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ᠰᠢᠲᠠᠷ᠎ᠠ ᠰᠣᠨᠢᠷᠬᠠᠭᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠣᠷᠣᠨ ᠳᠠᠶᠠᠭᠠᠷ ᠡᠨᠡ ᠰᠠᠷ᠎ᠠ ᠶᠢᠨ 10 ᠍ ᠳᠦ ᠡᠬᠢᠯᠡᠨ᠎ᠡ᠃ ᠲᠤᠰ ᠲᠡᠮᠡᠴᠡᠭᠡᠨ ᠭᠤᠷᠪᠠᠨ ᠦᠶ᠎ᠡ ᠱᠠᠲᠤ ᠲᠠᠢ ᠪᠠᠷ ᠶᠠᠪᠤᠭᠳᠠᠳᠠᠭ᠃ ᠠᠩᠬᠠᠨ ᠱᠠᠲᠤ ᠪᠤᠶᠤ ᠰᠤᠮᠤ ᠳᠡᠭᠦᠷᠭᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ 2018 ᠣᠨ ᠤ ᠠᠷᠪᠠᠨ ᠨᠢᠭᠡᠳᠦᠭᠡᠷ ᠰᠠᠷ᠎ᠠ ᠶᠢᠨ 10-11 ᠍ ᠳᠦ ᠨᠢᠭᠡᠨ ᠵᠡᠷᠭᠡ ᠵᠣᠬᠢᠶᠠᠨ ᠪᠠᠶᠢᠭᠤᠯᠳᠠᠭ ᠪᠠᠶᠢᠨ᠎ᠠ᠃
ᠬᠠᠭᠠᠰ ᠰᠢᠭᠰᠢᠭᠡ ᠪᠤᠶᠤ ᠠᠶᠢᠮᠠᠭ᠂ ᠨᠡᠶᠢᠰᠯᠡᠯ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ 2018 ᠣᠨ ᠤ ᠠᠷᠪᠠᠨ ᠬᠣᠶᠠᠳᠤᠭᠠᠷ ᠰᠠᠷ᠎ᠠ ᠶᠢᠨ 08-09 ᠍ ᠳᠦ᠂ ᠤᠯᠤᠰ ᠤᠨ ᠠᠪᠤᠷᠭᠤ ᠰᠢᠯᠭᠠᠷᠠᠭᠤᠯᠬᠤ ᠰᠢᠭᠰᠢᠭᠡ ᠲᠡᠮᠡᠴᠡᠭᠡᠨ ᠢ 2019 ᠣᠨ ᠤ ᠨᠢᠭᠡᠳᠦᠭᠡᠷ ᠰᠠᠷ᠎ᠠ ᠶᠢᠨ 05-06 ᠍ ᠳᠦ ᠲᠥᠷᠥ ᠶᠢᠨ ᠣᠷᠳᠣᠨ ᠳᠤ ᠵᠣᠬᠢᠶᠠᠨ ᠪᠠᠶᠢᠭᠤᠯᠬᠤ  ᠠᠵᠠᠢ᠃ ᠡᠮᠦᠨᠡᠬᠢ ᠵᠢᠯ ᠦᠳ ᠲᠦ ᠲᠡᠮᠡᠴᠡᠭᠡᠨ ᠳᠦ ᠲᠦᠷᠦᠭᠦᠯᠡᠭᠰᠡᠨ ᠠᠪᠤᠷᠭᠤ ᠰᠢᠲᠠᠷᠠᠴᠢᠨ ᠳᠤ ᠰᠫᠣᠷᠲ ᠤᠨ ᠳᠡᠳ᠋ ᠮᠠᠰᠲ᠋ᠸᠷ ᠴᠣᠯᠠ ᠣᠯᠭᠤᠳᠠᠭ ᠪᠠᠶᠢᠭᠰᠠᠨ᠃ ᠡᠨᠡ ᠵᠢᠯ ᠦᠨ ᠲᠡᠮᠡᠴᠡᠭᠡᠨ ᠳᠦ ᠮᠧᠳᠠᠯ ᠬᠦᠷᠲᠡᠭᠰᠡᠨ ᠡᠷᠡᠭᠲᠡᠢ ᠭᠤᠷᠪᠠ᠂ ᠡᠮᠡᠭᠲᠡᠢ ᠭᠤᠷᠪᠠᠨ ᠰᠢᠲᠠᠷᠠᠴᠢᠨ ᠳᠤ ᠳᠡᠭᠡᠷᠡᠬᠢ ᠴᠣᠯᠠ ᠶᠢ ᠣᠯᠭᠤᠬᠤ ᠠᠴᠠ ᠭᠠᠳᠠᠨ᠎ᠠ ᠰᠢᠲᠠᠷ᠎ᠠ ᠰᠣᠨᠢᠷᠬᠠᠭᠴᠢᠳ ᠤᠨ ᠠᠽᠢᠶ᠎ᠠ ᠲᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠤᠷᠤᠯᠴᠠᠬᠤ ᠡᠷᠬᠡ ᠣᠯᠭᠣᠬᠤ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ