ᠬᠣᠪᠳᠣ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠪᠣᠯᠪᠠᠰᠤᠷᠠᠯ᠂ ᠰᠤᠶᠤᠯ ᠤᠷᠠᠯᠢᠭ ᠤᠨ ᠭᠠᠵᠠᠷ ᠬᠠᠮᠲᠤᠷᠠᠨ ︽ᠬᠣᠪᠳᠣ ᠠᠶᠢᠮᠠᠭ ᠤᠨ ᠰᠤᠶᠤᠯ ᠤᠨ ᠠᠵᠢᠯᠲᠠᠨ ᠤ ᠠᠩᠬᠠᠳᠤᠭᠠᠷ ᠵᠥᠪᠯᠡᠯᠭᠡᠨ ︾ ᠢ ︽ᠰᠤᠶᠤᠯ ᠤᠷᠠᠯᠢᠭ- ᠣᠷᠣᠨ ᠨᠤᠲᠤᠭ ᠤᠨ ᠬᠥᠭᠵᠢᠯ︾ ᠰᠡᠳᠦᠪ ᠦᠨ ᠬᠦᠷᠢᠶᠡᠨ ᠳᠦ ᠡᠨᠡ ᠣᠨ ᠤ 11 ᠳ᠋ᠤᠭᠡᠷ ᠰᠠᠷ᠎ᠠ ᠶᠢᠨ 04-05 ᠍ ᠤ ᠡᠳᠦᠷ ᠦᠳ ᠲᠦ ᠵᠣᠬᠢᠶᠠᠨ ᠪᠠᠶᠢᠭᠤᠯᠵᠤ ᠪᠠᠶᠢᠨ᠎ᠠ᠃ ᠵᠥᠪᠯᠡᠯᠭᠡᠨ ᠦ ᠵᠣᠷᠢᠯᠭ᠎ᠠ ᠨᠢ ᠰᠤᠶᠤᠯ ᠤᠷᠠᠯᠢᠭ ᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠶᠢ ᠰᠠᠶᠢᠵᠢᠷᠠᠭᠤᠯᠬᠤ᠂ ᠬᠠᠷᠢᠯᠴᠠᠨ ᠲᠤᠷᠰᠢᠯᠭ᠎ᠠ ᠰᠤᠳᠤᠯᠬᠤ ᠪᠣᠯᠤᠮᠵᠢ ᠶᠢ ᠪᠦᠷᠢᠳᠦᠭᠦᠯᠬᠦ᠂ ᠰᠤᠶᠤᠯ ᠤᠨ ᠥᠪ ᠢ ᠥᠪᠯᠡᠭᠦᠯᠦᠨ ᠤᠯᠠᠮᠵᠢᠯᠠᠭᠤᠯᠬᠤ᠂ ᠬᠠᠳᠠᠭᠠᠯᠠᠯᠲᠠ ᠬᠠᠮᠠᠭᠠᠯᠠᠯᠲᠠ ᠶᠢ ᠰᠠᠶᠢᠵᠢᠷᠠᠭᠤᠯᠬᠤ ᠳᠤ ᠰᠤᠶᠤᠯ ᠤᠨ ᠠᠵᠢᠯᠲᠠᠨ ᠤ ᠮᠡᠳᠡᠯᠭᠡ᠂ ᠴᠢᠳᠠᠪᠤᠷᠢ ᠶᠢ ᠳᠡᠭᠡᠭᠰᠢᠯᠡᠭᠦᠯᠬᠦ᠂ ᠲᠡᠳᠡᠨ ᠦ ᠡᠭᠦᠷᠭᠡ ᠣᠷᠣᠯᠴᠠᠭ᠎ᠠ ᠶᠢ ᠨᠡᠮᠡᠭᠳᠡᠭᠦᠯᠬᠦ ᠳᠦ ᠴᠢᠭᠯᠡᠵᠦ ᠪᠠᠶᠢᠭ᠎ᠠ ᠶᠤᠮ᠃ ᠵᠥᠪᠯᠡᠯᠭᠡᠨ ᠦ ᠨᠡᠭᠡᠭᠡᠯᠲᠡ ᠶᠢᠨ ᠦᠢᠯᠡ ᠠᠵᠢᠯᠯᠠᠭᠠᠨ ᠳᠤ ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠍ ᠤᠨ ᠰᠠᠶᠢᠳ ᠼ∙ᠴᠣᠭᠵᠢᠯᠮ᠎ᠠ᠂ ᠠᠶᠢᠮᠠᠭ ᠤᠨ ᠵᠠᠰᠠᠭ ᠳᠠᠷᠤᠭ᠎ᠠ ᠪ∙ᠳᠦᠭᠦᠷᠵᠠᠪ ᠨᠠᠷ ᠤᠷᠤᠯᠴᠠᠪᠠ᠃
《ᠲᠥᠷᠥ ᠡᠴᠡ ᠪᠠᠷᠢᠮᠲᠠᠯᠠᠬᠤ ᠰᠤᠶᠤᠯ ᠤᠨ ᠪᠣᠳᠣᠯᠭ᠎ᠠ ᠶᠢᠨ ᠬᠡᠷᠡᠭᠵᠢᠯᠲᠡ ᠶᠢᠨ ᠰᠲᠷᠠᠲ᠋ᠧᠭᠢ 》᠂ ︽ᠣᠷᠣᠨ ᠨᠤᠲᠤᠭ ᠤᠨ ᠰᠤᠶᠤᠯ ᠤᠷᠠᠯᠢᠭ ᠤᠨ ᠰᠠᠯᠪᠤᠷᠢ ᠶᠢᠨ ᠥᠨᠥ ᠶᠢᠨ ᠪᠠᠶᠢᠳᠠᠯ᠂ ᠴᠢᠨᠠᠭᠰᠢᠳᠠ ᠬᠡᠷᠡᠭᠵᠢᠭᠦᠯᠬᠦ ᠪᠣᠳᠣᠯᠭ᠎ᠠ ᠴᠢᠭᠯᠡᠯ ︾ ᠂《ᠰᠤᠶᠤᠯ ᠤᠨ ᠥᠪ ᠦᠨ ᠪᠣᠳᠣᠯᠭ᠎ᠠ ᠬᠡᠷᠡᠭᠵᠢᠭᠦᠯᠬᠦ ᠠᠷᠭ᠎ᠠ ᠵᠠᠮ》᠂ ︽ᠰᠤᠶᠤᠯ ᠤᠨ ᠪᠦᠲᠦᠭᠡᠯᠴᠢ ᠦᠢᠯᠡᠳᠪᠦᠷᠢᠯᠡᠯ ᠦᠨ ᠬᠥᠭᠵᠢᠯ ᠦᠨ ᠴᠢᠭ ᠬᠠᠨᠳᠤᠯᠭ᠎ᠠ》᠂ 《ᠰᠤᠶᠤᠯ ᠤᠨ ᠥᠪ ᠦᠨ ᠬᠠᠳᠠᠭᠠᠯᠠᠯᠲᠠ᠂ ᠬᠠᠮᠠᠭᠠᠯᠠᠯᠲᠠ ᠶᠢᠨ ᠡᠷᠬᠡ ᠵᠦᠢ ᠶᠢᠨ ᠣᠷᠴᠢᠨ》 ᠵᠡᠷᠭᠡ ᠰᠡᠳᠦᠪ ᠦᠳ ᠢᠶᠡᠷ ᠬᠣᠯᠪᠣᠭᠳᠠᠬᠤ ᠮᠡᠷᠭᠡᠵᠢᠯᠲᠡᠨ ᠨᠦᠭᠦᠳ ᠮᠡᠳᠡᠭᠡᠯᠡᠯ ᠬᠢᠵᠦ᠂ ᠬᠠᠷᠢᠯᠴᠠᠨ ᠰᠠᠨᠠᠯ ᠰᠣᠯᠢᠯᠴᠠᠭᠰᠠᠨ ᠤ ᠳᠡᠭᠡᠷ᠎ᠡ ᠮᠡᠷᠭᠡᠵᠢᠯ ᠦᠨ ᠴᠢᠭ ᠡᠭᠦᠷᠭᠡ ᠶᠢᠨ ᠳᠠᠭᠠᠤ 4 ᠬᠡᠰᠡᠭ ᠲᠦ ᠬᠤᠪᠢᠶᠠᠭᠳᠠᠵᠤ᠂ ᠰᠠᠯᠪᠤᠷᠢ ᠶᠢᠨ ᠲᠤᠯᠭᠠᠮᠳᠠᠭᠰᠠᠨ ᠠᠰᠠᠭᠤᠳᠠᠯ ᠤᠳ᠂ ᠭᠠᠷᠴᠠ ᠰᠢᠢᠳᠦᠯ᠂ ᠪᠣᠯᠤᠮᠵᠢ ᠨᠤᠭᠤᠳ ᠤᠨ ᠲᠠᠯ᠎ᠠ ᠪᠠᠷ ᠬᠡᠯᠡᠯᠴᠡᠭᠦᠯᠭᠡ ᠵᠣᠬᠢᠶᠠᠨ ᠪᠠᠶᠢᠭᠤᠯᠵᠤ ᠪᠠᠶᠢᠨ᠎ᠠ᠃