ᠠᠷᠠᠳᠴᠢᠯᠠᠭᠰᠠᠨ ᠨᠠᠮ ᠍ ᠤᠨ ᠪᠦᠯᠦᠭ ᠲᠥᠰᠥᠪ ᠲᠦ ᠬᠣᠷᠢᠭ ᠲᠠᠯᠪᠢᠬᠤ ᠶᠢ ᠤᠷᠢᠶᠠᠯᠠᠪᠠ | News.MN

ᠠᠷᠠᠳᠴᠢᠯᠠᠭᠰᠠᠨ ᠨᠠᠮ ᠍ ᠤᠨ ᠪᠦᠯᠦᠭ ᠲᠥᠰᠥᠪ ᠲᠦ ᠬᠣᠷᠢᠭ ᠲᠠᠯᠪᠢᠬᠤ ᠶᠢ ᠤᠷᠢᠶᠠᠯᠠᠪᠠ

ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠍ ᠤᠨ ᠪᠦᠯᠦᠭ ᠦᠨ ᠬᠤᠷᠠᠯᠳᠤᠭᠠᠨ ᠥᠨᠥᠳᠥᠷ ᠪᠣᠯᠵᠤ ᠮᠡᠳᠡᠭᠡᠯᠡᠯ ᠬᠢᠯ᠎ᠡ᠃

ᠪᠦᠯᠦᠭ ᠦᠨ ᠳᠠᠷᠤᠭ᠎ᠠ ᠳ∙ᠡᠷᠳᠡᠨᠢᠪᠠᠲᠤ ᠄ ᠠᠷᠠᠳᠴᠢᠯᠠᠭᠰᠠᠨ ᠨᠠᠮ  ᠤᠨ ᠪᠦᠯᠦᠭ ᠥᠩᠭᠡᠷᠡᠭᠰᠡᠨ ᠳᠣᠯᠣᠭ᠎ᠠ ᠬᠣᠨᠣᠭ ᠲᠤ ᠬᠤᠭᠤᠴᠠᠭ᠎ᠠ ᠦᠭᠡᠢ ᠪᠡᠷ ᠪᠠᠶᠢᠩᠭᠤ ᠶᠢᠨ ᠬᠣᠷᠢᠶ᠎ᠠ ᠳᠤ ᠪᠣᠯᠤᠨ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠳᠤ ᠣᠷᠣᠯᠴᠠᠬᠤ ᠦᠭᠡᠢ ᠪᠡᠨ ᠮᠡᠳᠡᠭᠳᠡᠭᠰᠡᠨ᠃ ᠵᠢᠵᠢᠭ ᠳᠤᠮᠳᠠ ᠦᠢᠯᠡᠳᠪᠤᠷᠢᠯᠡᠯ ᠢ ᠬᠦᠭᠵᠢᠭᠦᠯᠬᠦ ᠰᠠᠩ ᠍ ᠦᠨ ᠦᠢᠯᠡᠳᠪᠦᠷᠢᠯᠡᠯ ᠡᠷᠬᠢᠯᠡᠭᠴᠢᠳ ᠲᠦ ᠣᠴᠢᠬᠤ ᠪᠠᠶᠢᠭᠰᠠᠨ ᠮᠥᠩᠭᠥ ᠶᠢ ᠵᠠᠰᠠᠭ ᠤᠨ ᠭᠠᠵᠠᠷ ᠨᠢ ᠰᠠᠶᠢᠳ᠂ ᠤᠯᠤᠰ ᠤᠨ ᠶᠡᠬᠡ ᠬᠤᠷᠠᠯ ᠤᠨ ᠭᠡᠰᠢᠭᠦᠳ ᠲᠡᠢ ᠪᠡᠨ ᠵᠣᠬᠢᠶᠠᠨ ᠪᠠᠶᠢᠭᠤᠯᠤᠯᠲᠠ ᠲᠠᠢ ᠪᠠᠷ ᠬᠤᠤᠪᠢᠯᠳᠤᠨ ᠠᠪᠤᠭᠰᠠᠨ ᠭᠡᠳᠡᠭ ᠨᠢ ᠨᠢᠭᠡᠨᠲᠡ ᠲᠣᠳᠣᠷᠬᠠᠢ ᠪᠣᠯᠤᠭᠰᠠᠨ᠃ ᠮᠥᠨ 2019 ᠣᠨ ᠤ ᠲᠥᠰᠥᠪ ᠢ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠣᠯᠠᠩᠬᠢ ᠶᠢᠨ ᠣᠷᠣᠯᠴᠠᠭ᠎ᠠ ᠦᠭᠡᠢ ᠪᠡᠷ ᠪᠠᠲᠤᠯᠠᠭᠰᠠᠨ᠃ ᠲᠡᠶᠢᠮᠦ ᠡᠴᠡ ᠮᠣᠩᠭᠣᠯ ᠤᠯᠠ ᠶᠢᠨ ᠶᠡᠷᠦᠩᠬᠡᠶᠢᠯᠡᠭᠴᠢ ᠶᠢ 2019 ᠣᠨ ᠤ ᠲᠥᠰᠥᠪ ᠲᠦ ᠬᠣᠷᠢᠭ ᠲᠠᠯᠪᠢᠨ᠎ᠠ ᠤᠤ ᠭᠡᠰᠡᠨ ᠤᠷᠢᠶᠠᠯᠠᠭ᠎ᠠ ᠭᠠᠷᠭᠠᠵᠤ ᠪᠠᠶᠢᠭ᠎ᠠ ᠭᠡᠯ᠎ᠡ᠃
– ᠢᠷᠡᠬᠦ ᠣᠨ ᠳᠤ ᠲᠥᠰᠥᠪ ᠡᠴᠡ ᠬᠡᠳᠦᠨ ᠲᠥᠭᠥᠷᠢᠭ ᠦᠨ ᠬᠥᠷᠥᠩᠭᠡ ᠣᠷᠣᠭᠤᠯᠤᠯᠲᠠ ᠪᠠᠷ ᠪᠦᠲᠦᠭᠡᠨ ᠪᠠᠶᠢᠭᠤᠯᠤᠯᠲᠠ ᠬᠢᠬᠦ ᠪᠤᠢ ︖
-ᠢᠷᠡᠬᠦ ᠣᠨ ᠳᠤ ᠲᠥᠰᠥᠪ ᠡᠴᠡ 1.2 ᠶᠡᠬᠡ ᠨᠠᠶᠠᠳ ᠲᠥᠭᠥᠷᠢᠭ ᠢᠶᠡᠷ ᠲᠥᠰᠥᠯ ᠠᠷᠭ᠎ᠠ ᠬᠡᠮᠵᠢᠶ᠎ᠡ ᠠᠪᠴᠤ ᠬᠡᠷᠡᠭᠵᠢᠭᠦᠯᠬᠦ ᠪᠡᠷ ᠲᠥᠯᠥᠪᠯᠡᠭᠰᠡᠨ᠃ ᠡᠭᠦᠨ ᠡᠴᠡ 800 ᠲᠡᠷᠪᠤᠮ ᠨᠢ ᠥᠩᠭᠡᠷᠡᠭᠰᠡᠨ ᠣᠨ ᠳᠤ ᠡᠬᠢᠯᠡᠭᠰᠡᠨ ᠲᠥᠰᠥᠯ ᠠᠷᠭ᠎ᠠ ᠬᠡᠮᠵᠢᠶ᠎ᠡ ᠶᠢ ᠦᠷᠭᠦᠯᠵᠢᠯᠡᠭᠦᠯᠬᠦ᠂ 600 ᠲᠡᠷᠪᠤᠮ ᠨᠢ ᠰᠢᠨ᠎ᠡ ᠪᠡᠷ ᠪᠠᠷᠢᠯᠭ᠎ᠠ ᠪᠠᠶᠢᠰᠢᠩ ᠪᠠᠷᠢᠬᠤ ᠳᠤ ᠵᠠᠷᠤᠴᠠᠭᠤᠯᠬᠤ ᠶᠤᠮ᠃ ᠥᠩᠭᠡᠷᠡᠭᠰᠡᠨ ᠣᠨ ᠳᠤ ᠡᠬᠢᠯᠡᠭᠰᠡᠨ ᠪᠠᠷᠢᠯᠭ᠎ᠠ ᠪᠠᠶᠢᠭᠤᠯᠤᠮᠵᠢ ᠶᠢᠨ ᠠᠵᠢᠯ ᠢ ᠦᠷᠭᠦᠯᠵᠢᠯᠡᠭᠦᠯᠬᠦ ᠬᠥᠷᠥᠩᠭᠡ ᠣᠷᠣᠭᠤᠯᠤᠯᠲᠠ ᠶᠢ ᠲᠥᠰᠥᠪ ᠡᠴᠡ ᠭᠠᠷᠭᠠᠵᠤ ᠪᠣᠯᠤᠨ᠎ᠠ᠃ ᠬᠠᠷᠢᠨ ᠰᠢᠨ᠎ᠡ ᠪᠡᠷ ᠪᠠᠷᠢᠯᠭ᠎ᠠ ᠪᠠᠶᠢᠭᠤᠯᠤᠮᠵᠢ ᠪᠠᠷᠢᠬᠤ ᠱᠠᠭᠠᠷᠳᠠᠯᠭ᠎ᠠ ᠦᠭᠡᠢ ᠬᠡᠮᠡᠨ ᠮᠠᠨ ᠤ ᠪᠦᠯᠦᠭ ᠦᠵᠡᠵᠦ ᠪᠠᠶᠢᠭ᠎ᠠ᠃
– ᠵᠢᠵᠢᠭ ᠳᠤᠮᠳᠠ ᠦᠢᠯᠡᠳᠪᠤᠷᠢᠯᠡᠯ ᠢ ᠬᠦᠭᠵᠢᠭᠦᠯᠬᠦ ᠰᠠᠩ ᠍ ᠠᠴᠠ ᠵᠢᠭᠡᠯᠡ ᠠᠪᠤᠭᠰᠠᠨ ᠲᠥᠷᠥ ᠶᠢᠨ ᠥᠨᠳᠥᠷ ᠠᠯᠪᠠᠨ ᠲᠤᠰᠢᠶᠠᠯᠲᠠᠨ ᠨᠤᠭᠤᠳ ᠤᠨ ᠲᠣᠭ᠎ᠠ ᠡᠳᠦᠷ ᠢᠷᠡᠬᠦ ᠨᠡᠮᠡᠭᠳᠡᠵᠦ ᠪᠠᠶᠢᠨ᠎ᠠ᠃ ᠡᠳᠡᠭᠡᠷ ᠬᠦᠮᠦᠰ ᠲᠦ ᠬᠠᠷᠢᠭᠤᠴᠠᠯᠭ᠎ᠠ ᠲᠣᠭᠠᠴᠠᠬᠤ ᠴᠢᠭᠯᠡᠯ ᠢᠶᠡᠷ ᠶᠠᠮᠠᠷ ᠠᠵᠢᠯ ᠬᠢᠬᠦ ᠪᠤᠢ ︖
– ᠵᠢᠵᠢᠭ ᠳᠤᠮᠳᠠ ᠦᠢᠯᠡᠳᠪᠤᠷᠢᠯᠡᠯ ᠢ ᠬᠦᠭᠵᠢᠭᠦᠯᠬᠦ ᠰᠠᠩ ᠲᠡᠳᠦᠢ ᠦᠭᠡᠢ ᠪᠤᠰᠤᠳ ᠰᠠᠩ ᠠᠴᠠ  ᠵᠢᠭᠡᠯᠡ ᠠᠪᠤᠭᠰᠠᠨ ᠲᠥᠷᠥ ᠶᠢᠨ ᠠᠯᠪᠠᠨ ᠬᠠᠭᠠᠭᠴᠢᠳ ᠤᠨ ᠮᠡᠳᠡᠭᠡᠯᠡᠯ ᠢᠯᠡ ᠪᠣᠯᠵᠤ ᠪᠠᠶᠢᠭ᠎ᠠ᠃ ᠵᠠᠰᠠᠭ ᠤᠨ ᠭᠠᠵᠠᠷ ᠤᠨ ᠭᠡᠰᠢᠭᠦᠳ ᠴᠤ ᠡᠭᠦᠨ ᠳᠦ ᠣᠷᠣᠯᠴᠠᠭᠰᠠᠨ ᠪᠠᠶᠢᠨ᠎ᠠ᠃ ᠲᠡᠶᠢᠮᠦ ᠡᠴᠡ ᠵᠠᠰᠠᠭ ᠤᠨ ᠭᠠᠵᠠᠷ ᠢ  ᠤᠭᠴᠠᠷᠠᠭᠤᠯᠬᠤ ᠱᠠᠭᠠᠷᠳᠠᠯᠭ᠎ᠠ ᠲᠠᠢ᠃ ᠮᠠᠨ ᠤ ᠪᠦᠯᠦᠭ ᠰᠠᠶ᠋ᠢᠬᠠᠨ ᠬᠥᠭᠵᠢᠯ ᠦᠨ ᠪᠠᠩᠬᠢ  ᠶᠢᠨ ᠦᠢᠯᠡ ᠠᠵᠢᠯᠯᠠᠭᠠᠨ ᠤ ᠲᠠᠶᠢᠯᠤᠨ ᠤᠨ  ᠮᠡᠳᠡᠭᠡᠯᠡᠯ ᠢ ᠠᠪᠤᠭᠰᠠᠨ᠃ ᠲᠤᠰ ᠪᠠᠩᠬᠢ 2017 ᠣᠨ ᠳᠤ 34 ᠲᠥᠰᠥᠯ ᠬᠥᠲᠥᠯᠪᠦᠷᠢ ᠳᠦ 341.9 ᠲᠡᠷᠪᠤᠮ ᠲᠥᠭᠥᠷᠢᠭ᠂ 2018 ᠣᠨ ᠳᠤ 42 ᠲᠥᠰᠥᠯ ᠬᠥᠲᠥᠯᠪᠦᠷᠢ ᠳᠦ 506.6 ᠲᠡᠷᠪᠤᠮ ᠲᠥᠭᠥᠷᠢᠭ ᠦᠨ ᠵᠢᠭᠡᠯᠡ ᠣᠯᠭᠤᠭᠰᠠᠨ ᠪᠠᠶᠢᠨ᠎ᠠ᠃ ᠡᠨᠡ ᠪᠦᠬᠦᠨ ᠢ ᠨᠢᠭᠲᠠᠯᠠᠬᠤ ᠬᠡᠷᠡᠭᠲᠡᠢ᠃ ᠮᠥᠨ ᠵᠠᠰᠠᠭ ᠤᠨ ᠭᠠᠵᠠᠷ ᠤᠨ 29 ᠲᠤᠰᠬᠠᠢ ᠰᠠᠩ ᠤᠨ ᠦᠢᠯᠡ ᠠᠵᠢᠯᠯᠠᠭ᠎ᠠ ᠶᠢ ᠵᠣᠭᠰᠣᠭᠠᠵᠤ᠂  ᠬᠦᠨᠳᠡᠯᠡᠨ ᠦ ᠰᠢᠯᠭᠠᠯᠲᠠ ᠬᠢᠬᠦ ᠱᠠᠭᠠᠷᠳᠠᠯᠭ᠎ᠠ ᠲᠠᠢ᠃

ᠰᠡᠳᠬᠢᠭᠳᠡᠯ ᠦᠯᠡᠳᠡᠭᠡᠬᠦ