ᠮᠣᠩᠭᠣᠯ ᠤᠯᠤᠰ ᠬᠠᠤᠯᠢ ᠪᠤᠰᠤ ᠬᠥᠷᠥᠩᠭᠡ ᠶᠢ ᠪᠤᠴᠠᠭᠠᠬᠤ ᠵᠥᠪᠯᠡᠯ  ᠳᠦ ᠰᠣᠩᠭᠣᠭᠳᠠᠪᠠ | News.MN

ᠮᠣᠩᠭᠣᠯ ᠤᠯᠤᠰ ᠬᠠᠤᠯᠢ ᠪᠤᠰᠤ ᠬᠥᠷᠥᠩᠭᠡ ᠶᠢ ᠪᠤᠴᠠᠭᠠᠬᠤ ᠵᠥᠪᠯᠡᠯ  ᠳᠦ ᠰᠣᠩᠭᠣᠭᠳᠠᠪᠠ

2018 ᠣᠨ ᠤ 11 ᠳ᠋ᠤᠭᠡᠷ ᠰᠠᠷ᠎ᠠ ᠶᠢᠨ 5-6 ᠍ ᠤ ᠡᠳᠦᠷ ᠦᠳ ᠲᠦ  ᠢᠨᠳᠤᠨᠢᠰᠢᠶ᠎ᠠ  ᠳᠤ ᠵᠣᠬᠢᠶᠠᠨ  ᠪᠠᠶᠢᠭᠤᠯᠤᠭᠳᠠᠭᠰᠠᠨ ᠠᠽᠢᠶ᠎ᠠ ᠨᠣᠮᠣᠬᠠᠨ ᠳᠠᠯᠠᠢ ᠶᠢᠨ ᠣᠷᠣᠨ ᠨᠤᠭᠤᠳ ᠤᠨ ᠬᠥᠷᠥᠩᠭᠡ ᠪᠤᠴᠠᠭᠠᠬᠤ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠰᠦᠯᠵᠢᠶ᠎ᠡ (ARIN-AP)  ᠶᠢᠨ ᠤᠳᠤᠷᠢᠳᠬᠤ ᠵᠥᠪᠯᠡᠯ ᠦᠨ ᠬᠤᠷᠠᠯ ᠪᠣᠯᠤᠨ ᠪᠦᠭᠦᠳᠡ ᠬᠤᠷᠠᠯ ᠳᠤ ᠮᠣᠩᠭᠣᠯ ᠤᠯᠤᠰ ᠤᠨ  ᠠᠪᠯᠢᠭ᠎ᠠ ᠲᠠᠢ ᠲᠡᠮᠡᠴᠡᠬᠦ ᠭᠠᠵᠠᠷ ᠤᠨ ᠲᠥᠯᠥᠭᠡᠯᠡᠭᠴᠢᠳ  ᠤᠷᠤᠯᠴᠠᠯ᠎ᠠ ᠃
ARIN-AP ᠰᠦᠯᠵᠢᠶ᠎ᠡ ᠨᠢ 21 ᠭᠡᠰᠢᠭᠦᠨ ᠤᠯᠤᠰ ᠪᠣᠯᠤᠨ 8 ᠣᠯᠠᠨ ᠤᠯᠤᠰ ᠤᠨ ᠪᠠᠶᠢᠭᠤᠯᠤᠯᠭ᠎ᠠ ᠶᠢ ᠡᠩᠨᠡᠭᠡᠨ ᠳᠦ ᠪᠡᠨ ᠨᠢᠭᠡᠳᠬᠡᠭᠰᠡᠨ ᠪᠥᠭᠡᠳ  ᠠᠪᠯᠢᠭ᠎ᠠ ᠶᠢᠨ ᠭᠡᠮᠲᠦ ᠬᠡᠷᠡᠭ ᠮᠥᠷᠳᠡᠨ ᠰᠢᠯᠭᠠᠬᠤ᠂ ᠭᠠᠳᠠᠭᠠᠳᠤ ᠤᠯᠤᠰ ᠲᠤ ᠪᠠᠶᠢᠷᠢᠰᠢᠭᠤᠯᠤᠭᠰᠠᠨ ᠬᠠᠤᠯᠢ ᠪᠤᠰᠤ ᠬᠥᠷᠥᠩᠭᠡ ᠶᠢ ᠪᠤᠴᠠᠭᠠᠬᠤ ᠲᠠᠢ ᠬᠣᠯᠪᠣᠭ᠎ᠠ ᠲᠠᠢ ᠠᠰᠠᠭᠤᠳᠠᠯ ᠢᠶᠠᠷ ᠭᠡᠰᠢᠭᠦᠨ ᠣᠷᠣᠨ ᠨᠤᠭᠤᠳ ᠤᠨ ᠢᠶᠠᠨ ᠬᠦᠷᠢᠶᠡᠨ ᠳᠦ ᠮᠡᠳᠡᠭᠡᠯᠡᠯ ᠰᠤᠯᠢᠯᠴᠠᠬᠤ᠂ ᠠᠯᠪᠠᠨ ᠬᠠᠭᠠᠭᠴᠢᠳ ᠤᠨ ᠴᠢᠳᠠᠪᠬᠢ ᠶᠢ ᠰᠠᠶᠢᠵᠢᠷᠠᠭᠤᠯᠬᠤ ᠰᠤᠷᠭᠠᠯᠲᠠ᠂ ᠰᠧᠮᠢᠨᠠᠷ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠳᠡᠭ᠃
ᠤᠳᠤᠷᠢᠳᠬᠤ ᠵᠥᠪᠯᠡᠯ ᠦᠨ ᠬᠤᠷᠠᠯ ᠳᠤ ᠮᠠᠨ ᠤ ᠲᠥᠯᠥᠭᠡᠯᠡᠭᠴᠢᠳ ᠣᠷᠣᠯᠴᠠᠵᠤ ᠲᠤᠰ ᠰᠦᠯᠵᠢᠶᠡᠨ ᠦ 2019 ᠣᠨ ᠤ ᠳᠠᠷᠤᠭᠠᠯᠠᠭᠴᠢ ᠤᠯᠤᠰ ᠲᠤ ᠨᠡᠷ᠎ᠡ ᠪᠡᠨ ᠳᠡᠪᠰᠢᠭᠦᠯᠬᠦ ᠶᠢᠨ ᠵᠡᠷᠭᠡᠴᠡᠭᠡ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠶᠢ ᠲᠠᠨᠢᠯᠴᠠᠭᠤᠯᠤᠯ᠎ᠠ᠃ ᠬᠤᠷᠠᠯ ᠠᠴᠠ ᠤᠳᠤᠷᠢᠳᠬᠤ ᠵᠥᠪᠯᠡᠯ ᠦᠨ 9 ᠭᠡᠰᠢᠭᠦᠨ ᠦ ᠨᠢᠭᠡ ᠪᠡᠷ ᠮᠣᠩᠭᠣᠯ ᠤᠯᠤᠰ ᠢ ᠰᠣᠩᠭᠣᠯ᠎ᠠ᠃ ᠤᠳᠤᠷᠢᠳᠬᠤ ᠵᠦᠪᠯᠡᠯ ᠳᠦ ᠮᠣᠩᠭᠣᠯ ᠤᠯᠤᠰ ᠠᠴᠠ ᠭᠠᠳᠠᠨ᠎ᠠ ᠠᠦᠢᠰᠲᠷᠠᠯᠢᠶ᠎ᠠ᠂ ᠰᠢᠨ᠎ᠡ  ᠽᠢᠯᠠᠨᠳ᠋ ᠂  ᠪᠦᠭᠦᠳᠠ ᠨᠠᠶᠢᠷᠠᠮᠳᠠᠬᠤ ᠰᠤᠯᠤᠩᠭᠤᠰ ᠤᠯᠤᠰ᠂ ᠶᠠᠫᠣᠨ᠂  ᠲᠠᠶᠢᠯᠠᠨᠳ᠋ ᠂ ᠢᠨᠳᠤᠨᠢᠰᠢᠶ᠎ᠠ ᠤᠯᠤᠰ ᠤᠳ ᠪᠣᠯᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠮᠠᠩᠰᠢᠭᠤᠷᠠᠭᠤᠯᠬᠤ ᠪᠣᠳᠠᠰ ᠭᠡᠮᠲᠦ ᠬᠡᠷᠡᠭ ᠲᠡᠢ ᠲᠡᠮᠡᠴᠡᠬᠦ ᠠᠯᠪᠠ᠂ ᠧᠦ᠋ᠷᠣᠫᠠ ᠶᠢᠨ ᠣᠷᠣᠨ ᠨᠤᠭᠤᠳ ᠤᠨ ᠬᠥᠷᠥᠩᠭᠡ ᠪᠤᠴᠠᠭᠠᠬᠤ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠰᠦᠯᠵᠢᠶ᠎ᠡ (CARIN) ᠭᠡᠰᠢᠭᠦᠨ ᠢᠶᠡᠷ᠂ ᠳᠡᠯᠡᠬᠡᠢ ᠶᠢᠨ ᠪᠠᠩᠬᠢ ᠠᠵᠢᠭᠯᠠᠭᠴᠢ ᠶᠢᠨ ᠰᠲ᠋ᠠᠲ᠋ᠦ᠋ᠰ ᠲᠠᠢ ᠣᠷᠣᠯᠴᠠᠳᠠᠭ ᠶᠤᠮ᠃

ᠰᠡᠳᠬᠢᠭᠳᠡᠯ ᠦᠯᠡᠳᠡᠭᠡᠬᠦ