ᠠᠽᠢᠶ᠎ᠠ ᠶᠢᠨ ᠬᠥᠭᠵᠢᠯ ᠦᠨ ᠪᠠᠩᠭᠢ ᠲᠠᠢ ᠬᠤᠶᠠᠷ ᠲᠦᠰᠦᠯ ᠳᠡᠭᠡᠷ᠎ᠡ ᠬᠠᠮᠲᠤᠷᠠᠨ᠎ᠠ | News.MN

ᠠᠽᠢᠶ᠎ᠠ ᠶᠢᠨ ᠬᠥᠭᠵᠢᠯ ᠦᠨ ᠪᠠᠩᠭᠢ ᠲᠠᠢ ᠬᠤᠶᠠᠷ ᠲᠦᠰᠦᠯ ᠳᠡᠭᠡᠷ᠎ᠡ ᠬᠠᠮᠲᠤᠷᠠᠨ᠎ᠠ

ᠰᠡᠷᠭᠦᠭᠡᠭᠳᠡᠬᠦ ᠡᠷᠴᠢᠮ ᠬᠦᠴᠦ ᠶᠢ ᠬᠥᠭᠵᠢᠭᠦᠯᠬᠦ ᠲᠥᠰᠥᠯ ᠦᠨ ᠬᠥᠷᠥᠩᠭᠡ ᠣᠷᠣᠭᠤᠯᠤᠯᠲᠠ ᠪᠣᠯᠤᠨ ᠲᠠᠲᠠᠪᠤᠷᠢ ᠶᠢᠨ ᠢᠯᠡ ᠲᠣᠳᠣ ᠪᠠᠶᠢᠳᠠᠯ᠂ ᠦᠷ᠎ᠡ ᠠᠰᠢᠭ ᠢ ᠳᠡᠭᠡᠭᠰᠢᠯᠡᠭᠦᠯᠬᠦ ᠭᠡᠰᠡᠨ ᠬᠣᠶᠠᠷ ᠲᠥᠰᠥᠯ ᠳᠦ ᠥᠨᠥᠳᠥᠷ ᠰᠠᠩ ᠤᠨ ᠰᠠᠶᠢᠳ ᠴ ᠂ ᠬᠦᠷᠡᠯᠪᠠᠭᠠᠲᠤᠷ ᠪᠣᠯᠤᠨ ᠠᠽᠢᠶ᠎ᠠ ᠶᠢᠨ ᠬᠥᠭᠵᠢᠯ ᠦᠨ ᠪᠠᠩᠬᠢᠨ ᠤ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ  ᠶᠤᠯᠠᠨᠳᠠ ᠹᠧᠷᠨᠠᠨᠳᠧᠽ ᠯᠣᠮᠮᠡᠨ ᠭᠠᠷ ᠤᠨ ᠦᠰᠦᠭ ᠵᠢᠷᠤᠯ᠎ᠠ᠃
ᠰᠡᠷᠭᠦᠭᠡᠭᠳᠡᠬᠦ ᠡᠷᠴᠢᠮ ᠬᠦᠴᠦᠨ ᠦ ᠲᠥᠪᠯᠡᠷᠡᠭᠰᠡᠨ ᠪᠤᠰᠤ ᠬᠠᠩᠭᠠᠮᠵᠢ ᠶᠢᠨ ᠰᠢᠰᠲ᠋ᠧᠮ ᠢ ᠮᠣᠩᠭᠣᠯ ᠳᠤ ᠠᠩᠬ᠎ᠠ ᠤᠳᠠᠭ᠎ᠠ ᠬᠥᠭᠵᠢᠭᠦᠯᠬᠦ᠂ ᠮᠥᠨ ᠲᠠᠲᠠᠪᠤᠷᠢ ᠶᠢᠨ ᠵᠣᠬᠢᠴᠠᠭᠤᠯᠤᠯᠲᠠ᠂ ᠲᠥᠰᠥᠪ ᠦᠨ ᠬᠥᠷᠥᠩᠭᠡ ᠣᠷᠣᠭᠤᠯᠤᠯᠲᠠ ᠶᠢᠨ ᠤᠳᠤᠷᠢᠳᠤᠯᠭ᠎ᠠ ᠶᠢ ᠮᠡᠳᠡᠭᠡᠯᠡᠯ᠂ ᠬᠠᠷᠢᠯᠴᠠᠭᠠᠨ ᠤ ᠲᠧᠭᠨᠣᠯᠣᠭᠢ ᠠᠰᠢᠭᠯᠠᠨ ᠰᠠᠶᠢᠵᠢᠷᠠᠭᠤᠯᠬᠤ ᠵᠣᠷᠢᠯᠭ᠎ᠠ ᠪᠦᠬᠦᠢ ᠡᠳᠡᠭᠡᠷ ᠲᠥᠰᠥᠯ 85.6 ᠰᠠᠶ᠎ᠠ   ᠳ᠋ᠣᠯᠯᠠᠷ ᠢᠶᠠᠷ ᠬᠡᠷᠡᠭᠵᠢᠨ᠎ᠡ᠃ ᠲᠣᠳᠣᠷᠠᠭᠤᠯᠪᠠᠯ᠂ ᠨᠠᠷᠠ ᠪᠣᠯᠤᠨ ᠰᠠᠯᠬᠢᠨ ᠤ ᠡᠷᠴᠢᠮ ᠬᠦᠴᠦ ᠶᠢ ᠠᠰᠢᠭᠯᠠᠬᠤ᠂ ᠴᠡᠨᠡᠭᠲᠦ ᠬᠤᠷᠢᠶᠠᠭᠤᠷ ᠤᠨ ᠳᠡᠪᠰᠢᠯᠲᠡᠲᠦ ᠲᠧᠭᠨᠣᠯᠣᠭᠢ᠂ ᠡᠷᠴᠢᠮ ᠬᠦᠴᠦᠨ ᠦ ᠤᠳᠤᠷᠢᠳᠤᠯᠭ᠎ᠠ ᠶᠢᠨ ᠰᠢᠰᠲ᠋ᠧᠮ ᠪᠦᠬᠦᠢ ᠨᠡᠶᠢᠲᠡ 41 ᠮᠸᠭᠢᠸᠠᠲ ᠬᠦᠴᠦᠨ ᠴᠢᠳᠠᠯ ᠲᠠᠢ ᠲᠥᠪᠯᠡᠷᠡᠭᠰᠡᠨ ᠪᠤᠰᠤ ᠬᠠᠩᠭᠠᠮᠵᠢ ᠶᠢᠨ ᠰᠢᠰᠲ᠋ᠧᠮ ᠢ ᠮᠣᠩᠭᠣᠯ ᠤᠯᠤᠰ ᠲᠤ ᠬᠥᠭᠵᠢᠭᠦᠯᠬᠦ ᠠᠵᠢᠯ ᠢ ᠬᠢᠬᠦ ᠶᠤᠮ ᠪᠠᠶᠢᠨ᠎ᠠ᠃ ᠢᠩᠭᠢᠭᠰᠡᠨ ᠢᠶᠡᠷ ᠬᠥᠷᠰᠢ ᠣᠷᠣᠨ ᠨᠤᠭᠤᠳ ᠠᠴᠠ ᠥᠨᠳᠥᠷ ᠦᠨ᠎ᠡ ᠲᠡᠢ᠂  ᠨᠠᠭᠦᠷᠠᠰᠦᠬᠦ᠋ᠴᠢᠯ ᠦᠨ ᠬᠡᠢ ᠶᠢᠨ ᠥᠨᠳᠥᠷ ᠢᠯᠭᠠᠷᠠᠭᠤᠯᠤᠯᠲᠠ ᠪᠦᠬᠦᠢ ᠴᠠᠬᠢᠯᠭᠠᠨ ᠢᠮᠫᠣᠷᠲᠯᠠᠳᠠᠭ ᠮᠣᠩᠭᠣᠯ ᠤᠨ ᠪᠠᠷᠠᠭᠤᠨ ᠪᠥᠰᠡ ᠶᠢᠨ ᠠᠯᠤᠰᠯᠠᠭᠳᠠᠮᠠᠯ ᠠᠶᠢᠮᠠᠭ ᠤᠳ ᠲᠤ ᠠᠮᠢᠳᠤᠷᠠᠵᠤ ᠪᠤᠢ 260000 ᠣᠷᠴᠢᠮ ᠢᠷᠭᠡᠨ ᠢ ᠴᠡᠪᠡᠷ ᠪᠥᠭᠡᠳ ᠨᠠᠶᠢᠳᠠᠪᠤᠷᠢᠲᠠᠢ ᠡᠷᠴᠢᠮ ᠬᠦᠴᠦ ᠪᠡᠷ ᠬᠠᠩᠭᠠᠬᠤ ᠪᠣᠯᠤᠮᠵᠢ ᠪᠥᠷᠢᠳᠬᠦ ᠨᠢ᠃
ᠬᠠᠷᠢᠨ ᠲᠥᠰᠥᠪ ᠦᠨ ᠰᠠᠩᠬᠦᠦ ᠶᠢᠨ ᠤᠳᠤᠷᠢᠳᠤᠯᠭ᠎ᠠ ᠶᠢᠨ ᠢᠯᠡ ᠲᠣᠳᠣ ᠪᠠᠶᠢᠳᠠᠯ ᠲᠥᠰᠥᠯ ᠦᠨ ᠬᠦᠷᠢᠶᠡᠨ ᠳᠦ ᠲᠠᠲᠠᠪᠤᠷᠢ ᠶᠢᠨ ᠤᠳᠤᠷᠢᠳᠤᠯᠭ᠎ᠠ᠂ ᠤᠯᠤᠰ ᠤᠨ ᠬᠥᠷᠥᠩᠭᠡ ᠣᠷᠣᠭᠤᠯᠤᠯᠲᠠ ᠶᠢᠨ ᠦᠢᠯᠡ ᠠᠵᠢᠯᠯᠠᠭ᠎ᠠ ᠶᠢ ᠣᠯᠠᠨ ᠤᠯᠤᠰ ᠤᠨ ᠰᠠᠶᠢᠨ ᠲᠤᠷᠰᠢᠯᠭ᠎ᠠ ᠳᠤ ᠨᠡᠶᠢᠴᠡᠭᠦᠯᠦᠨ ᠰᠠᠶᠢᠵᠢᠷᠠᠭᠤᠯᠬᠤ ᠵᠣᠷᠢᠯᠭ᠎ᠠ ᠲᠠᠢ ᠪᠥᠭᠡᠳ ᠲᠠᠲᠠᠪᠤᠷᠢ ᠲᠥᠯᠦᠯᠲᠡ ᠶᠢ ᠨᠡᠮᠡᠭᠳᠡᠭᠦᠯᠬᠦ᠂ ᠲᠠᠲᠠᠪᠤᠷᠢ ᠲᠥᠯᠦᠭᠴᠢᠳ ᠲᠦ ᠦᠢᠯᠡᠴᠢᠯᠡᠬᠦ ᠦᠢᠯᠡᠴᠢᠯᠡᠭᠡ ᠶᠢ ᠰᠠᠶᠢᠵᠢᠷᠠᠭᠤᠯᠬᠤ᠂ ᠢᠯᠡ ᠲᠣᠳᠣ ᠪᠠᠶᠢᠳᠠᠯ ᠢ ᠲᠠᠲᠠᠪᠤᠷᠢ ᠶᠢᠨ ᠠᠯᠪᠠᠨ ᠤ ᠲᠠᠲᠠᠪᠤᠷᠢ ᠶᠢᠨ ᠤᠳᠤᠷᠢᠳᠤᠯᠭ᠎ᠠ ᠶᠢᠨ ᠨᠢᠭᠡᠳᠦᠭᠰᠡᠨ ᠰᠢᠰᠲᠸᠮ ᠢ ᠨᠡᠪᠲᠡᠷᠡᠭᠦᠯᠬᠦ᠂ ᠠᠰᠢᠭᠯᠠᠬᠤ ᠳᠤ ᠱᠠᠭᠠᠷᠳᠠᠯᠭ᠎ᠠ ᠲᠠᠢ ᠳᠡᠳ᠋ ᠪᠦᠲᠦᠴᠡ᠂ ᠲᠣᠨᠣᠭ ᠲᠥᠬᠥᠭᠡᠷᠦᠮᠵᠢ᠂ ᠰᠦᠯᠵᠢᠶ᠎ᠡ ᠶᠢ ᠰᠢᠨᠡᠳᠭᠡᠬᠦ ᠠᠵᠢᠯ ᠢ ᠬᠢᠬᠦ ᠶᠤᠮ ᠪᠠᠶᠢᠨ᠎ᠠ᠃ ᠮᠥᠨ ᠤᠯᠤᠰ ᠤᠨ ᠬᠡᠮᠵᠢᠶᠡᠨ ᠳᠦ ᠡᠳ᠋ ᠍ ᠦᠨ ᠵᠠᠰᠠᠭ᠂ ᠨᠡᠶᠢᠭᠡᠮ ᠤᠨ ᠦᠷ᠎ᠡ ᠥᠭᠭᠦᠭᠡᠴᠢ ᠲᠡᠢ ᠬᠥᠷᠥᠩᠭᠡ ᠣᠷᠣᠭᠤᠯᠤᠯᠲᠠ ᠶᠢᠨ ᠲᠥᠰᠥᠯ ᠢ ᠦᠨᠡᠯᠡᠬᠦ᠂ ᠰᠤᠩᠭᠤᠬᠤ᠂ ᠲᠥᠯᠥᠪᠯᠡᠬᠦ᠂ ᠲᠡᠳᠡᠭᠡᠷ ᠢ ᠦᠷ᠎ᠡ ᠳ᠋ᠦᠩ ᠲᠡᠢ ᠤᠳᠤᠷᠢᠳᠤᠨ ᠬᠡᠷᠡᠭᠵᠢᠭᠦᠯᠬᠦ᠂ ᠬᠢᠨᠠᠬᠤ ᠳᠤ ᠵᠠᠰᠠᠭ ᠤᠨ ᠭᠠᠵᠠᠷ ᠲᠤ ᠳᠡᠮᠵᠢᠯᠭᠡ ᠦᠵᠡᠭᠦᠯᠬᠦ ᠵᠣᠷᠢᠯᠭ᠎ᠠ ᠪᠠᠷ ᠮᠡᠳᠡᠭᠡᠯᠡᠯ ᠲᠧᠭᠨᠣᠯᠣᠭᠢ ᠳᠤ ᠰᠠᠭᠤᠷᠢᠯᠠᠭᠰᠠᠨ ᠤᠯᠤᠰ ᠤᠨ ᠬᠥᠷᠥᠩᠭᠡ ᠣᠷᠣᠭᠤᠯᠤᠯᠲᠠ ᠶᠢᠨ ᠤᠳᠤᠷᠢᠳᠤᠯᠭ᠎ᠠ ᠶᠢᠨ ᠮᠡᠳᠡᠭᠡᠯᠡᠯ ᠦᠨ ᠰᠢᠰᠲ᠋ᠧᠮ ᠢ ᠬᠥᠭᠵᠢᠭᠦᠯᠬᠦ ᠪᠡᠷ ᠲᠥᠯᠥᠪᠯᠡᠵᠡᠢ᠃

ᠰᠡᠳᠬᠢᠭᠳᠡᠯ ᠦᠯᠡᠳᠡᠭᠡᠬᠦ